ᠬᠥᠬᠡᠬᠤᠲᠠ ᠵᠠᠰᠠᠭ ᠠᠯᠪᠠᠨ ᠥᠰᠥᠭ ︹ 2021 ︺ 71 ᠳ᠋ᠦ᠋ᠭᠡᠷ ᠲᠣᠭᠠᠲᠤ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ ᠳᠤ᠄ | ︽ᠬᠥᠬᠡᠬᠤᠲᠠ ᠶᠢᠨ ︿ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ﹀ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠷᠪᠠᠨ ᠵᠢᠯ ᠤᠨ | ᠠᠵᠢᠯᠯᠠᠭ᠎ᠠ ᠶᠢᠨ ᠲᠥᠰᠦᠯ ︵2021 — 2023 ᠣᠨ︶︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ | ᠰᠠᠶᠢᠲᠤᠷ ᠠᠳᠬᠤᠭᠠᠷᠠᠢ᠃ | ᠬᠥᠬᠡᠬᠤᠲᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 7 ᠰᠠᠷ᠎ᠠ ᠶᠢᠨ 15 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠬᠥᠬᠡᠬᠤᠲᠠ ᠶᠢᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠷᠪᠠᠨ ᠵᠢᠯ ᠤᠨ | ᠠᠵᠢᠯᠯᠠᠭ᠎ᠠ ᠶᠢᠨ ᠲᠥᠰᠦᠯ ︵2021 — 2023 ᠣᠨ︶ | ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠤᠰᠠᠳᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ | ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠤᠳᠠ ᠶᠢᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ | ᠬᠤᠳᠠ ᠶᠢᠨ ᠲᠣᠭᠠᠴᠢᠯᠠᠭᠰᠠᠨ ᠤᠢᠢᠯᠠᠭᠠᠭᠳᠠᠬᠤᠨ ᠢ ᠠᠬᠢᠭᠤᠯᠬᠤ ᠬᠡᠷᠡᠭᠲᠡᠢ᠃ ᠣᠶᠢᠯᠠᠭᠠᠭᠳᠠᠬᠤᠨ ᠤ ᠰᠢᠨ᠎ᠡ ᠶᠢ ᠡᠭᠦᠳᠬᠦ ᠪᠠᠷ ᠲᠦᠷᠢᠮ ᠤᠨ ᠰᠢᠨ᠎ᠡ ᠶᠢ | ᠡᠭᠦᠳᠬᠦ ᠶᠢ ᠬᠥᠲᠥᠯᠦᠨ ᠳᠠᠭᠠᠭᠤᠯᠬᠤ ᠶᠢ ᠪᠠᠷᠢᠮᠲᠠᠯᠠᠵᠤ᠂ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠪᠠᠷ ᠦᠢᠯᠡᠴᠢᠯᠡᠭᠡᠨ ᠤ ᠠᠷᠭ᠎ᠠ ᠮᠠᠶ᠋ᠢᠭ ᠢ ᠭᠡᠳᠡᠷᠭᠦ | ᠰᠢᠬᠠᠵᠤ ᠪᠠᠶᠢᠭᠠᠳ ᠳᠠᠬᠢᠨ ᠱᠤᠭᠤᠵᠤ᠂ ᠲᠣᠮᠣ ᠳ᠋ᠠᠶᠢᠲ᠋ᠠ ᠵᠡᠷᠭᠡ ᠮᠡᠷᠭᠡᠵᠢᠯ ᠢ ᠭᠦᠢᠴᠡᠳ ᠬᠡᠷᠡᠭᠯᠡᠨ᠂ ᠰᠠᠨᠠᠭᠠᠴᠢᠯᠠᠭᠠᠲᠤ ᠪᠤᠰᠤ ᠦᠢᠯᠡᠴᠢᠯᠡᠭᠡ ᠶᠢ | ᠰᠠᠨᠠᠭᠠᠴᠢᠯᠠᠭᠠᠲᠤ ᠦᠢᠯᠡᠴᠢᠯᠡᠭᠡ ᠪᠣᠯᠭᠠᠨ ᠬᠤᠪᠢᠷᠠᠭᠤᠯᠵᠤ᠂ ᠨᠡᠶᠢᠲᠡᠯᠢᠭ ᠴᠢᠨᠠᠷᠲᠠᠶ ᠦᠢᠯᠡᠴᠢᠯᠡᠭᠡ ᠶᠢ ᠥᠪᠡᠷᠮᠢᠴᠡ ᠴᠢᠨᠠᠷᠲᠠᠶ ᠦᠢᠯᠡᠴᠢᠯᠡᠭᠡ ᠪᠣᠯᠭᠠᠨ | ᠬᠤᠪᠢᠷᠠᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠶᠢ ᠠᠬᠢᠭᠤᠯᠤᠨ᠎ᠠ᠃ | ᠬᠤᠶᠠᠷ᠂ ᠠᠵᠢᠯ ᠤᠨ ᠬᠠᠷᠠᠯᠲᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠢᠰᠲ᠋ᠧᠮ ᠲᠠᠢ ᠨᠡᠪᠲᠡᠷᠡᠬᠦ᠂ ᠬᠡᠷᠡᠭᠯᠡᠭᠴᠢ ᠲᠠᠢ ᠨᠡᠪᠲᠡᠷᠡᠬᠦ᠂ ᠲᠤᠭ᠎ᠠ ᠪᠠᠷᠢᠮᠲᠠ ᠲᠠᠢ ᠨᠡᠪᠲᠡᠷᠡᠬᠦ᠂ | ᠲᠤᠬᠠᠶᠢᠯᠠᠭᠰᠠᠨ ᠠᠵᠢᠯ ᠲᠠᠢ ᠨᠡᠪᠲᠡᠷᠡᠬᠦ᠂ ᠦᠨᠡᠮᠯᠡᠯ ᠭᠡᠷᠡᠴᠢ ᠲᠠᠢ ᠨᠡᠪᠲᠡᠷᠡᠬᠦ︾ ᠶᠢ ᠦᠷᠭᠦᠯᠵᠢᠯᠡᠨ ᠠᠬᠢᠭᠤᠯᠵᠤ᠂ ᠭᠤᠷᠪᠠᠨ ᠵᠢᠯ ᠤᠨ ᠬᠤᠭᠤᠴᠠᠭ᠎ᠠ ᠶᠢ | ᠠᠰᠢᠭᠯᠠᠨ᠂ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠤᠶᠤᠴᠢᠯᠠᠬᠤ᠂ ᠭᠥᠯᠢᠶᠡᠨ ᠠᠪᠴᠤ ᠰᠢᠢᠳᠪᠦᠷᠢᠯᠡᠬᠦ᠂ | ᠬᠢᠨᠠᠨ ᠵᠥᠪᠰᠢᠶᠡᠷᠡᠬᠦ᠂ ᠦᠨᠡᠮᠯᠡᠯ ᠭᠠᠷᠭᠠᠬᠤ᠂ ᠲᠠᠩᠰᠠ ᠡᠪᠬᠡᠮᠡᠯ ᠳᠤ ᠣᠷᠣᠭᠤᠯᠬᠤ ᠪᠥᠬᠦ ᠶᠠᠪᠤᠴᠠ ᠶᠢ ᠡᠯᠧᠺᠲᠷᠣᠨᠴᠢᠯᠠᠬᠤ ᠶᠢ ᠠᠯᠬᠤᠮ ᠠᠯᠬᠤᠮ ᠢᠶᠠᠷ | ᠪᠡᠶᠡᠯᠡᠭᠦᠯᠵᠦ᠂ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ 208 ᠬᠤᠪᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ | ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ︵ᠭᠤᠶᠤᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠦᠨᠳᠦᠰᠦᠯᠡᠨ 153 ᠵᠦᠢᠯ | ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯ 55︶ ᠶᠢ ᠪᠡᠶᠡᠯᠡᠭᠦᠯᠪᠡ᠃ 2022 ᠣᠨ ᠤ 12 ᠰᠠᠷ᠎ᠠ ᠶᠢᠨ ᠰᠡᠭᠦᠯᠴᠢ ᠪᠣᠯᠬᠤ ᠳᠤ᠂ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠵᠦᠢᠯᠡᠰ ᠤᠨ ᠲᠤᠭ᠎ᠠ ᠬᠡᠮᠵᠢᠶ᠎ᠡ ᠶᠢ 488 ᠪᠣᠯᠭᠠᠨ ᠥᠷᠭᠡᠳᠬᠡᠨ᠎ᠡ ︵ᠭᠤᠶᠤᠴᠢᠯᠠᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ 205᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ 75︶︔ 2023 ᠣᠨ ᠤ 12 ᠳ᠋ᠤᠭᠠᠷ ᠰᠠᠷ᠎ᠠ ᠶᠢᠨ ᠰᠡᠭᠦᠯᠴᠢ | ᠪᠣᠯᠬᠤ ᠳᠤ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠶᠤ ᠤᠯᠤᠰ ᠤᠨ ᠨᠢᠭᠤᠴᠠ ᠳᠤ ᠬᠤᠯᠪᠣᠭᠳᠠᠭᠰᠠᠨ ᠵᠡᠷᠭᠡ ᠪᠠᠶᠢᠳᠠᠯ ᠢ ᠭᠠᠷᠭᠠᠪᠠᠯ᠂ | ᠬᠤᠲᠠ ᠶᠢᠨ ᠲᠣᠰ ᠱᠠᠲᠤᠨ ᠤ 90% ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠦᠬᠦᠨ ᠢ ᠨᠢᠭᠡ ᠴᠤᠭᠴᠠᠵᠢᠭᠤᠯᠤᠭᠰᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠣᠷᠣᠭᠤᠯᠤᠨ ᠭᠦᠢᠴᠡᠳᠬᠡᠵᠣ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ | ᠪᠡᠶᠡᠯᠡᠭᠦᠯᠦᠨ᠎ᠡ᠃ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠢ ᠬᠤᠲᠠ ᠶᠢᠨ ᠲᠣᠰ ᠱᠠᠲᠤ ᠯᠤᠭ᠎ᠠ | ᠭᠤᠷᠪᠠᠨ ᠵᠢᠯ ᠤᠨ ᠠᠵᠢᠯᠯᠠᠭ᠎ᠠ ᠶᠢ ᠵᠡᠷᠭᠡᠪᠡᠷ ᠥᠷᠨᠢᠭᠦᠯᠵᠦ᠂ ᠬᠠᠷᠢᠴᠠᠩᠭᠤᠶ ᠪᠠᠷ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ | ᠥᠭᠡᠷᠡᠴᠢᠯᠡᠯᠲᠡ ᠲᠠᠢ ᠤᠶᠠᠯᠳᠤᠭᠤᠯᠤᠨ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠬᠠᠷᠠᠯᠲᠠ ᠶᠢᠨ ᠡᠭᠦᠷᠭᠡ ᠶᠢ ᠵᠦᠶ ᠵᠣᠬᠢᠰᠲᠠᠶ ᠲᠣᠭᠲᠠᠭᠠᠨ᠎ᠠ᠃ | | ᠭᠤᠷᠪᠠ᠂ ᠪᠣᠳᠠᠲᠠᠶ ᠡᠭᠦᠷᠭᠡ | ︵ᠨᠢᠭᠡ︶ ᠲᠤᠬᠠᠶᠢᠯᠠᠭᠰᠠᠨ ᠠᠵᠢᠯ ᠤᠨ ᠰᠢᠰᠲ᠋ᠧᠮ ᠢ ᠦᠨᠳᠦᠰᠦᠯᠡᠨ ᠦᠷ᠎ᠡ ᠪᠦᠲᠦᠭᠡᠯ ᠢ ᠵᠣᠯᠭᠠᠭᠤᠯᠵᠤ᠂ ᠣᠨ ᠤ ᠵᠦᠢᠯᠡᠰ ᠤᠨ ᠨᠠᠷᠢᠨ | ᠬᠠᠭᠤᠳᠠᠰᠤ ᠶᠢ ᠲᠣᠳᠣᠷᠬᠠᠶᠢᠯᠠᠨ᠎ᠠ | 1. ᠥᠪᠡᠷᠲᠡᠭᠡᠨ ᠵᠠᠰᠠᠬᠤ ᠣᠷᠣᠨ ᠤ 4 ᠲᠤᠬᠠᠶᠢᠯᠠᠭᠰᠠᠨ ᠠᠵᠢᠯ ᠤᠨ ᠰᠢᠰᠲ᠋ᠧᠮ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠪᠴᠠᠩ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠠᠵᠤ ᠠᠬᠤᠶᠢᠯᠠᠯ ᠳᠤ ᠨᠢᠭᠡ ᠰᠦᠯᠵᠢᠶ᠎ᠡ ᠪᠠᠷ ᠨᠡᠪᠲᠡᠷᠡᠭᠦᠯᠬᠦ ᠲᠠᠪᠴᠠᠩ ᠤᠨ ᠰᠢᠰᠲ᠋ᠧᠮ ᠪᠠ ᠢᠳᠡᠭᠡᠨ ᠪᠠ ᠡᠮ ᠤᠨ ᠵᠦᠢᠯ ᠤᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠰᠢᠰᠲ᠋ᠧᠮ᠂ ᠠᠷᠠᠳ ᠤᠨ ᠶᠠᠪᠤᠳᠠᠯ ᠤᠨ ᠲᠢᠩᠬᠢᠮ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠰᠲ᠋ᠧᠮ︶ ᠢ ᠨᠢᠭᠡ | ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠯᠤᠭ᠎ᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠦᠭᠰᠡᠨ | ᠰᠠᠭᠤᠷᠢᠨ ᠳᠡᠭᠡᠷ᠎ᠡ᠂ ᠰᠢᠰᠲ᠋ᠧᠮ ᠤᠨ ᠴᠢᠳᠠᠮᠵᠢ ᠶᠢᠨ ᠬᠡᠰᠡᠭ ᠢ ᠰᠢᠯᠢᠳᠡᠭᠵᠢᠭᠦᠯᠦᠨ ᠳᠣᠭᠢᠷᠠᠭᠤᠯᠬᠤ ᠶᠢ ᠲᠦᠷᠭᠡᠳᠬᠡᠨ ᠪᠡᠶᠡᠯᠡᠭᠦᠯᠵᠦ᠂ 100 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ︵ᠳᠠᠭᠠᠯᠳᠤᠭᠤᠯᠤᠯ 1︶ ᠤᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠶᠢ | ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 7 ᠳ᠋ᠤᠭᠠᠷ ᠰᠠᠷ᠎ᠠ | 2. ᠥᠪᠡᠷᠲᠡᠭᠡᠨ ᠵᠠᠰᠠᠬᠤ ᠣᠷᠣᠨ ᠤ 7 ᠲᠤᠬᠠᠶᠢᠯᠠᠭᠰᠠᠨ ᠠᠵᠢᠯ ᠤᠨ ᠰᠢᠰᠲ᠋ᠧᠮ ︵ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠰᠦᠯᠵᠢᠶᠡᠨ | ᠳᠡᠭᠡᠷᠡᠬᠢ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ ᠲᠠᠪᠴᠠᠩ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠮᠤᠷ ᠢ ᠬᠠᠮᠠᠭᠠᠯᠠᠬᠤ ᠮᠡᠳᠡᠭᠡ ᠵᠠᠩᠭᠢ ᠶᠢᠨ | ᠰᠦᠯᠵᠢᠶ᠎ᠡ ᠪᠠ ᠠᠮᠤᠷ ᠢ ᠬᠠᠮᠠᠭᠠᠯᠠᠬᠤ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ᠂ ᠬᠠᠤᠯᠢ ᠴᠠᠭᠠᠵᠠ ᠶᠢᠨ ᠲᠢᠩᠬᠢᠮ ᠤᠨ | ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠤᠶᠤᠨᠴᠢᠯᠠᠭᠰᠠᠨ ᠨᠢᠭᠡ ᠴᠤᠭᠴᠠᠵᠢᠭᠰᠠᠨ ᠲᠠᠪᠴᠠᠩ ᠪᠠ ᠬᠠᠤᠯᠢᠴᠢ ᠶᠢᠨ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠲᠠᠪᠴᠠᠩ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ᠂ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ︶ ᠲᠠᠢ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠬᠢᠨᠠᠨ ᠵᠥᠪᠰᠢᠶᠡᠷᠡᠬᠦ ᠶᠠᠪᠤᠴᠠ ᠶᠢ ᠪᠥᠬᠦ | ᠲᠠᠯ᠎ᠠ ᠪᠠᠷ ᠰᠢᠯᠢᠳᠡᠭᠵᠢᠭᠦᠯᠵᠦ᠂ 108 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ︵ᠳᠠᠭᠠᠯᠳᠤᠭᠤᠯᠤᠯ 1︶ ᠤᠨ ︽ᠨᠢᠭᠡ ᠰᠦᠯᠵᠢᠶ᠎ᠡ ᠪᠠᠷ | ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠶᠢ ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠰᠠᠷ᠎ᠠ | 3. ᠥᠪᠡᠷᠲᠡᠭᠡᠨ ᠵᠠᠰᠠᠬᠤ ᠣᠷᠣᠨ ᠤ 2 ᠲᠤᠬᠠᠶᠢᠯᠠᠭᠰᠠᠨ ᠠᠵᠢᠯ ᠤᠨ ᠰᠢᠰᠲ᠋ᠧᠮ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠰᠢᠰᠲ᠋ᠧᠮ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠪᠠ ᠡᠮ ᠤᠨ ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠰᠢᠰᠲ᠋ᠧᠮ︶ ᠢ ᠨᠢᠭᠡ ᠴᠤᠭᠴᠠᠵᠢᠭᠤᠯᠤᠭᠰᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠯᠤᠭ᠎ᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠦᠭᠰᠡᠨ ᠤ ᠳᠠᠷᠠᠭ᠎ᠠ᠂ ᠠᠳᠠᠯᠢ ᠪᠤᠰᠤ | ᠵᠦᠢᠯᠡᠰ ᠢ ᠦᠨᠳᠦᠰᠦᠯᠡᠨ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠲᠥᠷᠥᠯ ᠬᠤᠪᠢᠶᠠᠨ ᠡᠮᠬᠢᠯᠡᠨ ᠳᠢᠭᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠭᠦᠢᠴᠡᠳᠬᠡᠬᠦ ᠶᠠᠪᠤᠴᠠ ᠶᠢ ᠪᠦᠬᠦᠨ ᠢ ᠨᠢᠭᠡ ᠴᠤᠭᠴᠠᠵᠢᠭᠤᠯᠤᠭᠰᠠᠨ ᠲᠠᠪᠴᠠᠩ ᠤᠨ ᠠᠵᠢᠯᠯᠠᠭᠠᠨ ᠪᠠ ᠬᠠᠮᠢᠶᠠᠷᠤᠯᠲᠠ ᠳᠤ ᠣᠷᠣᠭᠤᠯᠬᠤ ᠶᠢᠨ ᠬᠠᠮᠲᠤ | ᠪᠥᠬᠦ ᠲᠠᠯ᠎ᠠ ᠪᠠᠷ ᠢᠯᠡ ᠪᠣᠯᠭᠠᠵᠤ᠂ 280 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ︵ᠳᠠᠭᠠᠯᠳᠤᠭᠤᠯᠤᠯ 2︶ ᠢ ︽ᠨᠢᠭᠡ ᠰᠦᠯᠵᠢᠶ᠎ᠡ ᠪᠠᠷ | ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠶᠢ ᠳᠥᠯᠭᠢᠨ ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ | ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 12 ᠰᠠᠷ᠎ᠠ | 4. ᠥᠪᠡᠷᠲᠡᠭᠡᠨ ᠵᠠᠰᠠᠬᠤ ᠣᠷᠣᠨ ᠤ 20 ᠲᠤᠬᠠᠶᠢᠯᠠᠭᠰᠠᠨ ᠠᠵᠢᠯ ᠤᠨ ᠰᠢᠰᠲ᠋ᠧᠮ ︵ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠡᠭᠦᠳᠡᠯ | ᠬᠥᠮᠦᠰ ᠤᠨ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠢᠰᠲ᠋ᠧᠮ ᠪᠣᠯᠤᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ | ᠮᠡᠳᠡᠭᠡ ᠵᠠᠩᠭᠢ ᠶᠢᠨ ᠰᠢᠰᠲ᠋ᠧᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠶ ᠳᠠᠩᠰᠠᠯᠠᠨ ᠬᠠᠮᠢᠶᠠᠷᠬᠤ | ᠲᠠᠪᠴᠠᠩ ᠪᠠ ᠣᠯᠠᠨ ᠱᠠᠲᠤ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠲᠠᠪᠴᠠᠩ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠤᠨ ᠬᠥᠳᠡᠯᠮᠦᠷᠢ ᠬᠦᠴᠦᠨ ᠬᠡᠷᠡᠭᠯᠡᠬᠦ ᠶᠢ ᠳᠠᠩᠰᠠᠯᠠᠬᠤ ᠰᠢᠰᠲ᠋ᠧᠮ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ | ᠰᠦᠯᠵᠢᠶᠡᠨ ᠳᠡᠭᠡᠷ᠎ᠡ ᠮᠡᠳᠡᠭᠦᠯᠬᠦ ᠰᠢᠰᠲ᠋ᠧᠮ᠂ ᠨᠡᠶᠢᠭᠡᠮ ᠤᠨ ᠳᠠᠭᠠᠳᠬᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ᠂ ᠠᠯᠪᠠᠨ ᠪᠠᠶᠢᠭᠤᠯᠭ᠎ᠠ | ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠳᠠᠭᠠᠳᠬᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ᠂ ᠬᠥᠳᠡᠯᠮᠦᠷᠢ ᠠᠵᠢᠯ ᠣᠯᠭᠤᠯᠲᠠ ᠶᠢᠨ | ᠭᠤᠣᠯᠯᠠᠭᠴᠢ ᠲᠤᠬᠠᠶᠢᠯᠠᠭᠰᠠᠨ ᠠᠵᠢᠯ ᠤᠨ ᠬᠤᠪᠢᠶᠠᠷᠢ ᠰᠢᠰᠲ᠋ᠧᠮ᠂ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ᠂ ᠬᠤᠲᠠ ᠪᠠᠯᠭᠠᠰᠤ ᠪᠠ ᠮᠠᠯᠵᠢᠬᠤ | ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ ᠤᠨ ᠰᠢᠰᠲ᠋ᠧᠮ ᠪᠠ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ | ᠬᠠᠮᠢᠶᠠᠷᠤᠯᠲᠠ ᠶᠢᠨ ᠰᠢᠰᠲ᠋ᠧᠮ᠂ ᠵᠠᠮ ᠬᠠᠷᠢᠯᠴᠠᠭᠠᠨ ᠤ ᠲᠢᠩᠬᠢᠮ ᠤᠨ ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮ ᠪᠣᠯᠤᠨ ᠲᠡᠭᠡᠭᠡᠪᠦᠷᠢ ᠶᠢᠨ | ᠶᠠᠪᠤᠳᠠᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠦᠲᠦᠭᠡᠨ ᠪᠠᠶᠢᠭᠤᠯᠤᠯᠲᠠ ᠶᠢᠨ ᠠᠵᠢᠯ | ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠰᠢᠰᠲ᠋ᠧᠮ ᠪᠠ ᠭᠠᠯ ᠤᠨᠲᠠᠷᠠᠭᠠᠬᠤ ᠵᠢᠷᠤᠭ | ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠮᠡᠳᠡᠭᠡ ᠵᠠᠩᠬᠢ ᠶᠢᠨ ᠲᠠᠪᠴᠠᠩ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠮᠡᠳᠡᠭᠡ ᠵᠠᠩᠭᠢᠵᠢᠯᠲᠠ ᠶᠢᠨ ᠲᠠᠪᠴᠠᠩ᠂ ᠠᠷᠠᠳ ᠤᠨ ᠶᠠᠪᠤᠳᠠᠯ ᠤᠨ ᠲᠢᠩᠬᠢᠮ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠰᠲ᠋ᠧᠮ᠂ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠤᠨ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠣᠨᠳᠣᠤ ᠭᠠᠵᠠᠷ ᠲᠤ ᠡᠮᠨᠡᠭᠦᠯᠬᠦ ᠬᠠᠮᠢᠶᠠᠷᠤᠯᠲᠠ ᠶᠢᠨ | ᠮᠡᠳᠡᠭᠡ ᠵᠠᠩᠭᠢ ᠶᠢᠨ ᠰᠢᠰᠲ᠋ᠧᠮ︶ ᠬᠢᠭᠡᠳ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠲᠤᠬᠠᠶᠢᠯᠠᠭᠰᠠᠨ | ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠦᠭᠰᠡᠨ ᠤ ᠳᠠᠷᠠᠭ᠎ᠠ᠂ 549 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ︵ᠳᠠᠭᠠᠯᠳᠤᠭᠤᠯᠤᠯ 3︶ ᠤᠨ ︽ | ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠶᠢᠨ ᠠᠬᠢᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ᠂ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠠᠮᠢ ᠠᠬᠤᠶ ᠶᠢᠨ | ᠣᠷᠴᠢᠨ ᠲᠣᠭᠤᠷᠢᠨ ᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ | ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ᠂ ᠲᠤᠭ᠎ᠠ ᠪᠦᠷᠢᠳᠬᠡᠯ ᠤᠨ ᠲᠣᠪᠴᠢᠶ᠎ᠠ᠂ | ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ | ᠴᠠᠭ ᠠᠭᠤᠷ ᠤᠨ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ | ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 ᠰᠠᠷ᠎ᠠ | 5. ᠬᠤᠲᠠ ᠶᠢᠨ ᠲᠣᠰ ᠱᠠᠲᠤᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠥᠬᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠥᠬᠦ | ᠲᠠᠯ᠎ᠠ ᠪᠠᠷ ᠤᠶᠢᠯᠠᠭᠠᠨ ᠵᠢᠭᠰᠠᠭᠠᠵᠤ ᠡᠮᠬᠢᠯᠡᠨ ᠳᠢᠭᠯᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠨᠢᠭᠡᠳᠦᠯᠲᠡᠶ ᠪᠠᠶᠢᠯᠭᠠᠬᠤ ᠵᠠᠷᠴᠢᠮ | ᠶᠣᠰᠣᠭᠠᠷ᠂ ᠨᠢᠭᠡ ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠰᠦᠯᠵᠢᠶᠡᠨ ᠳᠡᠭᠡᠷ᠎ᠡ ᠭᠦᠢᠴᠡᠳᠬᠡᠬᠦ | ᠠᠷᠭ᠎ᠠ ᠵᠠᠮ ᠢ ᠨᠡᠭᠡᠭᠡᠵᠦ᠂ ᠭᠦᠢᠴᠡᠳᠬᠡᠬᠦ ᠭᠤᠭᠴᠤᠭ᠎ᠠ ᠪᠠ ᠭᠦᠢᠴᠡᠳᠬᠡᠬᠦ ᠴᠤᠪᠤᠷᠠᠯ ᠢ ᠵᠢᠷᠤᠮᠵᠢᠭᠤᠯᠤᠨ᠂ ᠵᠦᠢᠯᠡᠰ ᠢ ᠭᠦᠢᠴᠡᠳᠬᠡᠬᠦ ᠶᠠᠪᠤᠴᠠ ᠶᠢ ᠨᠢᠭᠡ | ᠴᠣᠠᠠᠴᠠᠵᠢᠭᠤᠯᠥᠠᠠᠰᠠᠨ ᠲᠠᠪᠴᠠᠩ ᠤᠨ ᠠᠵᠢᠯᠯᠠᠭᠠᠨ ᠤ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠯ᠎ᠡ ᠬᠠᠮᠢᠶ᠎ᠠ ᠪᠥᠬᠦᠶ ᠵᠥᠪᠯᠡᠯ ᠠᠯᠪᠠᠨ ᠬᠡᠷ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠰᠠᠷ᠎ᠠ | ︵ᠬᠤᠶᠠᠷ︶ ᠳ᠋ᠠᠶᠢᠲ᠋ᠠ ᠶᠢ ᠬᠠᠮᠲᠤᠪᠠᠷ ᠭᠥᠷᠳᠡᠵᠦ ᠰᠣᠯᠢᠯᠴᠠᠬᠤ ᠪᠠ ᠬᠡᠷᠡᠭᠯᠡᠬᠦ ᠶᠢ ᠠᠬᠢᠭᠤᠯᠤᠨ᠎ᠠ | 1. ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠬᠠᠤᠯᠢ ᠪᠠᠷ ᠲᠣᠭᠲᠠᠭᠠᠭᠰᠠᠨ | ᠴᠢᠬᠤᠯᠠ ᠨᠥᠬᠦᠴᠡᠯ ᠤᠨ ᠮᠠᠲ᠋ᠧᠷᠢᠶᠠᠯ ᠢ ᠦᠨᠳᠦᠰᠦᠯᠡᠨ᠂ ᠣᠨ ᠤ ᠬᠠᠷᠠᠯᠲᠠ ᠶᠢᠨ ᠡᠭᠦᠷᠭᠡ ᠲᠠᠢ ᠪᠠᠨ ᠤᠶᠠᠯᠳᠤᠭᠤᠯᠤᠨ᠂ ᠰᠠᠯᠠᠭ᠎ᠠ ᠮᠥᠴᠢᠷ ᠤᠨ | ᠬᠤᠭᠤᠷᠣᠨᠳᠣᠬᠢ ᠳ᠋ᠠᠶᠢᠲ᠋ᠠ ᠶᠢ ᠬᠠᠮᠲᠤᠪᠠᠷ ᠭᠥᠷᠳᠡᠬᠦ ᠪᠠᠷ ᠳᠡᠮᠵᠢᠨ ᠴᠣᠮᠬᠠᠳᠬᠠᠵᠤ ᠪᠣᠯᠬᠤ ᠠᠵᠢᠯ ᠶᠠᠪᠤᠳᠠᠯ ᠭᠦᠢᠴᠡᠳᠬᠡᠬᠦ ᠮᠠᠲ᠋ᠧᠷᠢᠶᠠᠯ ᠢ ᠡᠮᠬᠢᠯᠡᠨ ᠳᠢᠭᠯᠡᠵᠦ᠂ | ᠬᠠᠮᠲᠤᠪᠠᠷ ᠭᠥᠷᠳᠡᠬᠦ ᠳᠤ ᠬᠡᠷᠡᠭᠰᠡᠬᠦ ᠮᠠᠲ᠋ᠧᠷᠢᠶᠠᠯ ᠤᠨ ᠨᠡᠷᠡᠶᠢᠳᠦᠯ᠂ ᠮᠡᠳᠡᠭᠡ ᠵᠠᠩᠭᠢ ᠶᠢᠨ ᠵᠦᠢᠯ᠂ ᠬᠠᠩᠭᠠᠭᠰᠠᠨ ᠨᠢᠭᠡᠴᠢ᠂ ᠬᠡᠷᠡᠭᠯᠡᠬᠦ ᠠᠷᠭ᠎ᠠ ᠮᠠᠶ᠋ᠢᠭ᠂ ᠬᠡᠷᠡᠭᠯᠡᠬᠦ | ᠵᠣᠷᠢᠯᠭ᠎ᠠ ᠵᠢᠴᠢ ᠵᠦᠢᠯᠡᠰ ᠢ ᠭᠦᠢᠴᠡᠳᠬᠡᠭᠰᠡᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠲᠣᠳᠣᠷᠬᠠᠶᠢᠯᠠᠵᠤ᠂ ᠳ᠋ᠠᠶᠢᠲ᠋ᠠ ᠶᠢᠨ ᠬᠡᠷᠡᠭᠴᠡᠭᠡ ᠱᠠᠭᠠᠷᠳᠠᠯᠭ᠎ᠠ ᠶᠢᠨ | ᠨᠠᠷᠢᠨ ᠬᠠᠭᠤᠳᠠᠰᠤ ᠶᠢ ᠪᠦᠷᠢᠯᠳᠦᠭᠦᠯᠦᠨ᠎ᠡ᠃ | ᠲᠦᠷᠦᠭᠦᠯᠡᠨ ᠬᠢᠬᠦ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠯ᠎ᠡ ᠵᠥᠪᠯᠡᠯ ᠠᠯᠪᠠᠨ ᠬᠡᠷ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠰᠠᠷ᠎ᠠ | 2. ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠶᠢ ᠦᠨᠳᠦᠰᠦᠯᠡᠨ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠤᠭ᠎ᠠ ᠪᠠᠷᠢᠮᠲᠠ ᠶᠢ | ᠬᠠᠮᠲᠤᠪᠠᠷ ᠭᠥᠷᠳᠡᠬᠦ ᠡᠭᠦᠷᠭᠡ ᠶᠢᠨ ᠲᠥᠯᠥᠪᠯᠡᠭᠡ ᠶᠢ ᠲᠣᠭᠲᠠᠭᠠᠨ᠂ ︽ᠨᠢᠭᠡ ᠲᠤᠭ᠎ᠠ ᠨᠢᠭᠡ ᠢᠷᠡᠯᠲᠡ ᠲᠠᠢ᠂ ᠬᠥᠳᠡᠯᠦᠩᠭᠦᠶ ᠪᠠᠷ ᠰᠢᠨᠡᠳᠬᠡᠬᠦ︾ ᠵᠠᠷᠴᠢᠮ | ᠶᠣᠰᠣᠭᠠᠷ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠲᠡᠭᠦᠯᠳᠡᠷᠵᠢᠭᠦᠯᠵᠦ᠂ ᠭᠠᠷᠴᠠᠭ ᠪᠠᠶᠢᠪᠠᠯ ᠵᠠᠪᠠᠯ ᠲᠤᠭ᠎ᠠ | ᠪᠠᠷᠢᠮᠲᠠ ᠲᠠᠢ ᠪᠠᠶᠢᠬᠤ ᠶᠢ ᠪᠡᠶᠡᠯᠡᠭᠦᠯᠦᠨ᠂ ᠲᠤᠭ᠎ᠠ ᠪᠠᠷᠢᠮᠲᠠ ᠶᠢᠨ ᠰᠢᠨᠡᠳᠬᠡᠯᠲᠡ ᠶᠢ ᠴᠠᠭ ᠲᠤᠬᠠᠶ ᠳᠤᠨᠢ ᠬᠦᠷᠭᠡᠬᠦ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢᠨ | ᠪᠦᠷᠢᠨ ᠪᠦᠲᠦᠨ ᠴᠢᠨᠠᠷ᠂ ᠪᠦᠲᠦᠮᠵᠢᠲᠦ ᠴᠢᠨᠠᠷ ᠪᠠ ᠴᠠᠭ ᠲᠤᠬᠠᠶᠢᠴᠢ ᠴᠢᠨᠠᠷ ᠢ ᠦᠨᠡᠨᠬᠦ ᠪᠠᠲᠤᠯᠠᠨ᠎ᠠ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 3 ᠳ᠋ᠤᠭᠠᠷ ᠰᠠᠷ᠎ᠠ | 3. ᠬᠥᠮᠦᠨ ᠠᠮᠠ᠂ ᠬᠠᠤᠯᠢ ᠶᠢᠨ ᠡᠷᠬᠡᠲᠡᠨ᠂ ᠣᠷᠣᠨ ᠵᠠᠶ ᠶᠢᠨ ᠭᠠᠵᠠᠷ ᠵᠦᠶ ᠶᠢᠨ ᠮᠡᠳᠡᠭᠡ ᠵᠠᠩᠭᠢ᠂ ᠨᠡᠶᠢᠭᠡᠮ ᠤᠨ ᠢᠲᠡᠭᠡᠮᠵᠢ ᠶᠢᠨ ᠰᠠᠭᠤᠷᠢ | ᠳ᠋ᠠᠶᠢᠲ᠋ᠠ ᠶᠢᠨ ᠬᠥᠮᠥᠷᠭᠡ ᠶᠢ ᠳ᠋ᠠᠶᠢᠲ᠋ᠠ ᠶᠢ ᠬᠠᠮᠲᠤᠪᠠᠷ ᠭᠥᠷᠳᠡᠵᠦ ᠰᠣᠯᠢᠯᠴᠠᠬᠤ ᠲᠠᠪᠴᠠᠩ ᠳᠤ ᠵᠠᠯᠭᠠᠨ ᠣᠷᠣᠭᠤᠯᠵᠤ᠂ ᠳ᠋ᠠᠶᠢᠲ᠋ᠠ ᠶᠢᠨ ᠵᠠᠯᠭᠠᠭᠠᠰᠤ ᠶᠢ | ᠲᠦᠷᠭᠡᠳᠬᠡᠨ ᠨᠡᠭᠡᠭᠡᠨ ᠬᠥᠭᠵᠢᠭᠦᠯᠬᠦ ᠶᠢᠨ ᠬᠠᠮᠲᠤ ᠬᠠᠮᠲᠤᠪᠠᠷ ᠭᠥᠷᠳᠡᠬᠦ ᠲᠠᠪᠴᠠᠩ ᠯᠤᠭ᠎ᠠ ᠵᠣᠯᠭᠠᠭᠤᠯᠬᠤ ᠶᠢ ᠪᠡᠶᠡᠯᠡᠭᠦᠯᠵᠦ᠂ ᠣᠨ ᠤ ᠬᠠᠷᠠᠯᠲᠠ ᠶᠢᠨ | ᠡᠭᠦᠷᠭᠡ ᠪᠠᠨ ᠤᠷᠤᠭᠰᠢᠲᠠᠶ ᠪᠡᠶᠡᠯᠡᠭᠦᠯᠬᠦ ᠳᠤ ᠰᠠᠭᠤᠷᠢ ᠳ᠋ᠠᠶᠢᠲ᠋ᠠ ᠶᠢᠨ ᠲᠤᠯᠭᠠᠭᠤᠷᠢᠯᠠᠯ ᠬᠠᠩᠭᠠᠨ᠎ᠠ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 3 ᠳ᠋ᠤᠭᠠᠷ ᠰᠠᠷ᠎ᠠ | 4. ᠡᠯ᠎ᠡ ᠰᠠᠯᠠᠭ᠎ᠠ ᠮᠥᠴᠢᠷ ᠤᠨ ᠡᠯᠧᠺᠲᠷᠣᠨ ᠭᠡᠷᠡᠴᠢ ᠦᠨᠡᠮᠯᠡᠯ ᠤᠨ ᠰᠢᠰᠲ᠋ᠧᠮ ᠢ ᠵᠣᠯᠭᠠᠭᠤᠯᠬᠤ ᠶᠢ ᠲᠦᠷᠭᠡᠳᠬᠡᠵᠦ᠂ ᠪᠥᠬᠦ ᠬᠤᠲᠠ ᠶᠢᠨ | ᠨᠢᠭᠡᠳᠦᠯᠲᠡᠶ ᠡᠯᠧᠺᠲᠷᠣᠨ ᠭᠡᠷᠡᠴᠢ ᠦᠨᠡᠮᠯᠡᠯ ᠤᠨ ᠰᠢᠰᠲ᠋ᠧᠮ ᠤᠨ ᠭᠡᠷᠡᠴᠢ ᠭᠠᠷᠭᠠᠬᠤ ᠪᠠᠷ ᠳᠠᠮᠵᠢᠭᠤᠯᠤᠨ ᠴᠠᠭᠠᠰᠤᠨ ᠭᠡᠷᠡᠴᠢ ᠦᠨᠡᠮᠯᠡᠯ ᠬᠢᠭᠡᠳ ᠡᠯᠧᠺᠲᠷᠣᠨ | ᠭᠡᠷᠡᠴᠢ ᠦᠨᠡᠮᠯᠡᠯ ᠢ ᠵᠡᠷᠭᠡᠪᠡᠷ ᠭᠠᠷ ᠤᠨ ᠥᠰᠥᠭ ᠵᠢᠷᠤᠵᠤ ᠶᠠᠪᠤᠭᠤᠯᠬᠤ ᠶᠢ ᠪᠡᠶᠡᠯᠡᠭᠦᠯᠬᠦ ᠶᠢᠨ ᠬᠠᠮᠲᠤ ᠡᠯᠧᠺᠲᠷᠣᠨ ᠲᠠᠮᠠᠭ᠎ᠠ ᠳᠠᠷᠤᠵᠤ᠂ ᠡᠯᠧᠺᠲᠷᠣᠨ ᠭᠡᠷᠡᠴᠢ | ᠦᠨᠡᠮᠯᠡᠯ ᠤᠨ ᠲᠤᠭ᠎ᠠ ᠪᠠᠷᠢᠮᠲᠠ ᠶᠢ ᠬᠠᠳᠠᠭᠠᠯᠠᠵᠤ ᠪᠠᠶᠢᠭ᠎ᠠ ᠬᠡᠮᠵᠢᠶ᠎ᠡ᠂ ᠨᠡᠮᠡᠭᠳᠡᠯ ᠤᠨ ᠬᠡᠮᠵᠢᠶ᠎ᠡ ᠶᠢ ᠪᠦᠲᠦᠮᠵᠢᠲᠡᠶ ᠪᠠᠷ ᠴᠤᠭᠯᠠᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠰᠠᠷ᠎ᠠ | 5. ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠠᠰᠢᠭᠯᠠᠨ ᠬᠠᠮᠲᠤᠪᠠᠷ ᠭᠥᠷᠳᠡᠵᠦ ᠪᠣᠯᠬᠤ ᠦᠨᠡᠮᠯᠡᠯ ᠤᠨ | ᠮᠡᠳᠡᠭᠡ ᠵᠠᠩᠭᠢ ᠶᠢ ᠣᠯᠵᠤ᠂ ᠪᠠᠶᠢᠳᠠᠯᠵᠢᠭᠤᠯᠤᠨ ᠬᠡᠷᠡᠭᠯᠡᠬᠦ ᠪᠠᠷ ᠳᠠᠮᠵᠢᠭᠤᠯᠤᠨ ︽ᠬᠤᠶᠠᠷ ᠢ ᠲᠤᠰᠢᠶᠠᠬᠤ ᠠᠴᠠ ᠭᠡᠯᠳᠦᠷᠢᠭᠦᠯᠬᠦ︾ ᠶᠢ ᠠᠯᠬᠤᠮ ᠠᠯᠬᠤᠮ ᠢᠶᠠᠷ | ᠪᠡᠶᠡᠯᠡᠭᠦᠯᠦᠨ᠎ᠡ ︵ᠡᠯᠧᠺᠲᠷᠣᠨ ᠦᠨᠡᠮᠯᠡᠯ ᠢ ᠬᠠᠩᠭᠠᠵᠤ ᠳᠡᠶᠢᠯᠪᠡᠯ᠂ ᠵᠠᠷᠴᠢᠮ ᠳᠡᠭᠡᠷ᠎ᠡ ᠪᠠᠨ ᠴᠥᠮ ᠪᠣᠳᠠᠲᠤ ᠴᠣᠭᠴᠠ ᠶᠢᠨ ᠦᠨᠡᠮᠯᠡᠯ ᠢ ᠲᠤᠰᠢᠶᠠᠬᠤ ᠠᠴᠠ | ᠭᠡᠯᠳᠦᠷᠢᠭᠦᠯᠦᠨ᠎ᠡ︔ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠪᠠᠷ ᠳᠡᠮᠵᠢᠨ ᠬᠢᠨᠠᠨ ᠰᠢᠯᠭᠠᠵᠤ ᠳᠡᠶᠢᠯᠬᠦ ᠮᠠᠲ᠋ᠧᠷᠢᠶᠠᠯ ᠢ ᠵᠠᠷᠴᠢᠮ ᠳᠡᠭᠡᠷ᠎ᠡ ᠪᠠᠨ ᠴᠥᠮ | ᠲᠤᠰᠢᠶᠠᠬᠤ ᠠᠴᠠ ᠭᠡᠯᠳᠦᠷᠢᠭᠦᠯᠦᠨ᠎ᠡ︶᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠯ᠎ᠡ ᠵᠥᠪᠯᠡᠯ ᠠᠯᠪᠠᠨ ᠬᠡᠷ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 12 ᠰᠠᠷ᠎ᠠ | ︵ᠭᠤᠷᠪᠠ︶ ᠪᠡᠶ᠎ᠡ ᠬᠡᠮ ᠤᠨ ᠭᠡᠷᠡᠴᠢᠯᠡᠯᠲᠡ ᠶᠢ ᠨᠢᠭᠡᠳᠬᠡᠨ᠎ᠡ | ᠠᠷᠠᠳ ᠢᠷᠭᠡᠳ ᠤᠨ ᠪᠡᠶ᠎ᠡ ᠶᠢᠨ ᠦᠨᠡᠮᠯᠡᠯ ᠤᠨ ᠨᠣᠮᠧᠷ ᠢᠶᠠᠷ ᠴᠣᠷ ᠤᠨ ᠭᠠᠭᠴᠠ ᠲᠡᠮᠳᠡᠭ ᠪᠣᠯᠭᠠᠵᠤ᠂ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠬᠡᠬᠦ ᠨᠢᠭᠡᠳᠦᠯᠲᠡᠶ ᠪᠡᠶ᠎ᠡ ᠬᠡᠮ ᠤᠨ ᠭᠡᠷᠡᠴᠢᠯᠡᠯ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠨᠢᠭᠡ ᠴᠤᠭᠴᠠᠵᠢᠭᠤᠯᠤᠭᠰᠠᠨ ᠲᠠᠪᠴᠠᠩ᠂ ᠲᠤᠬᠠᠶᠢᠯᠠᠭᠰᠠᠨ | ᠠᠵᠢᠯ ᠤᠨ ᠰᠢᠰᠲ᠋ᠧᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠦᠵᠦᠭᠦᠷ ᠤᠨ ᠬᠡᠷᠡᠭᠯᠡᠯᠲᠡ ᠵᠡᠷᠭᠡ ᠠᠳᠠᠯᠢ ᠪᠤᠰᠤ ᠦᠢᠯᠡᠴᠢᠯᠡᠭᠡᠨ ᠤ ᠠᠷᠭ᠎ᠠ | ᠵᠠᠮ ᠢᠶᠠᠷ ᠨᠢᠭᠡ ᠯᠡ ᠤᠳᠠᠭ᠎ᠠ ᠳᠤ ᠭᠡᠷᠡᠴᠢᠯᠡᠭᠡ ᠬᠢᠬᠦ᠂ ᠣᠯᠠᠨ ᠴᠡᠭ ᠲᠤ ᠬᠠᠷᠢᠯᠴᠠᠨ ᠬᠤᠯᠪᠣᠭᠠᠯᠠᠬᠤ ᠶᠢ ᠪᠡᠶᠡᠯᠡᠭᠦᠯᠵᠦ᠂ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠬᠡᠬᠦ ᠳᠤ ᠳᠠᠪᠬᠤᠷᠳᠠᠭᠤᠯᠤᠨ ᠳᠠᠩᠰᠠᠯᠠᠬᠤ᠂ ᠳᠠᠪᠬᠤᠷᠳᠠᠭᠤᠯᠤᠨ ᠲᠡᠮᠳᠡᠭᠯᠡᠬᠦ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠰᠠᠷ᠎ᠠ | ︵ᠳᠥᠷᠪᠡ︶ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ | 1. ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠠᠵᠢᠯᠯᠠᠭᠤᠯᠤᠨ ᠬᠡᠷᠡᠭᠯᠡᠬᠦ ᠪᠣᠯᠪᠠᠰᠤᠷᠠᠭᠤᠯᠤᠯ ᠢ ᠱᠠᠲᠤ | ᠲᠥᠷᠥᠯ ᠬᠤᠪᠢᠶᠠᠨ ᠵᠣᠬᠢᠶᠠᠨ ᠪᠠᠶᠢᠭᠤᠯᠤᠨ ᠥᠷᠨᠢᠭᠦᠯᠵᠦ᠂ ᠴᠣᠩᠬᠤᠪᠴᠢ ᠶᠢᠨ ᠠᠵᠢᠯᠲᠠᠨ ᠢ ᠪᠦᠬᠦᠨ ᠢ ᠬᠠᠮᠤᠷᠬᠤ᠂ ᠠᠵᠢᠯᠯᠠᠵᠤ ᠴᠢᠳᠠᠬᠤ ᠶᠢ ᠦᠨᠡᠨᠬᠦ | ᠪᠠᠲᠤᠯᠠᠨ᠎ᠠ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠰᠠᠷ᠎ᠠ | 2. ᠲᠧᠯᠸᠢᠰ᠂ ᠰᠣᠨᠢᠨ ᠰᠡᠳᠬᠦᠯ᠂ ᠢᠨᠲ᠋ᠧᠷ ᠰᠦᠯᠵᠢᠶ᠎ᠡ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ︾ ᠠᠵᠢᠯᠯᠠᠭᠠᠨ ᠤ ᠵᠦᠭᠯᠡᠭᠦᠷ᠂ ᠭᠦᠢᠴᠡᠳᠬᠡᠬᠦ ᠠᠬᠢᠴᠠ ᠪᠠ ᠣᠯᠤᠭᠰᠠᠨ ᠦᠷ᠎ᠡ ᠪᠦᠲᠦᠮᠵᠢ ᠶᠢ ᠤᠬᠠᠭᠤᠯᠵᠤ᠂ ᠨᠢᠭᠡ ᠴᠤᠭᠴᠠᠵᠢᠭᠤᠯᠤᠭᠰᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠳᠡᠩᠰᠡᠯᠡᠨ ᠬᠡᠷᠡᠭᠯᠡᠬᠦ ᠬᠡᠮᠵᠢᠶ᠎ᠡ ᠶᠢ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠮᠡᠳᠡᠬᠦ ᠬᠡᠮᠵᠢᠶ᠎ᠡ ᠶᠢ | ᠥᠷᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠰᠦᠯᠵᠢᠶ᠎ᠡ ᠪᠠᠷ ᠭᠦᠢᠴᠡᠳᠬᠡᠬᠦ ᠨᠣᠷᠮ᠎ᠠ︾ ᠶᠢ ᠳᠡᠭᠡᠭᠰᠢᠯᠡᠭᠦᠯᠦᠨ᠎ᠡ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 ᠰᠠᠷ᠎ᠠ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠭᠤᠤᠯ | ᠤᠳᠤᠷᠢᠳᠤᠯᠭ᠎ᠠ ᠨᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠥᠭᠡᠷᠡᠴᠢᠯᠡᠯᠲᠡ ᠶᠢᠨ ᠠᠵᠢᠯ ᠢ ᠭᠦᠨᠵᠡᠭᠡᠶᠢᠷᠡᠭᠦᠯᠬᠦ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠂ ᠪᠣᠭᠤᠮᠲᠠ ᠰᠢᠪᠲᠤᠯᠬᠤ ᠡᠩᠨᠡᠭᠡ ᠶᠢ ᠪᠠᠶᠢᠭᠤᠯᠵᠤ᠂ ᠠᠵᠢᠯ ᠤᠨ | ᠲᠣᠭᠲᠠᠴᠠ ᠪᠠᠨ ᠪᠦᠷᠢᠨᠰᠢᠬᠦᠯᠦᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ | ᠭᠤᠤᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠠᠳᠬᠤᠵᠤ᠂ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ | ᠰᠤᠳᠤᠯᠤᠨ ᠪᠠᠶᠢᠷᠢᠯᠠᠭᠤᠯᠬᠤ ᠪᠠ ᠵᠣᠬᠢᠴᠠᠭᠤᠯᠤᠨ ᠰᠢᠢᠳᠪᠦᠷᠢᠯᠡᠵᠦ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ | ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠨᠢ ᠶᠡᠷᠦᠩᠬᠡᠶ ᠳᠤᠨᠢ | ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠵᠤ᠂ ᠠᠬᠢᠭᠤᠯᠬᠤ ᠶᠠᠪᠤᠴᠠ ᠳᠠᠬᠢ ᠬᠦᠴᠢᠷ ᠲᠦᠪᠡᠭᠲᠡᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠠ ᠲᠣᠮᠣ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ ᠨᠢ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠮᠡᠷᠭᠡᠵᠢᠯ ᠤᠨ ᠪᠠᠲᠤᠯᠠᠭ᠎ᠠ ᠪᠠᠨ ᠴᠢᠩᠭᠠᠳᠬᠠᠵᠤ᠂ ᠬᠠᠮᠢᠶ᠎ᠠ ᠪᠥᠬᠦᠶ | ᠪᠠᠶᠢᠳᠠᠯ ᠢ ᠴᠠᠭ ᠲᠤᠬᠠᠶ ᠳᠤᠨᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠲᠤ ᠮᠡᠳᠡᠭᠦᠯᠦᠨ᠎ᠡ᠃ ᠡᠯ᠎ᠡ ᠰᠠᠯᠠᠭ᠎ᠠ ᠮᠦᠴᠢᠷ ᠤᠳ ᠢᠳᠡᠪᠬᠢᠲᠡᠶ ᠪᠠᠷ | ᠬᠠᠮᠵᠢᠯᠴᠠᠨ᠂ ᠨᠡᠪᠲᠡᠷᠡᠯᠴᠡᠬᠦ ᠪᠠ ᠠᠰᠠᠭᠤᠳᠠᠯ ᠢ ᠬᠠᠷᠢᠭᠤ ᠲᠤᠰᠬᠠᠬᠤ ᠪᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠭᠤᠤᠯ | ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠶ᠃ | ︵ᠭᠤᠷᠪᠠ︶ ᠮᠥᠷᠳᠡᠨ ᠰᠢᠮᠳᠠᠭᠤᠯᠬᠤ ᠶᠢ ᠴᠢᠩᠭᠠᠷᠠᠭᠤᠯᠤᠨ᠎ᠠ᠃ ᠬᠤᠲᠠ ᠶᠢᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠨᠢ ︽ | ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠭᠦᠨᠵᠡᠭᠡᠶᠢᠷᠡᠭᠦᠯᠬᠦ ᠥᠭᠡᠷᠡᠴᠢᠯᠡᠯᠲᠡ ᠶᠢᠨ ᠬᠠᠷᠠᠯᠲᠠᠲᠤ ᠡᠭᠦᠷᠭᠡ ᠶᠢ ᠣᠨ ᠤ ᠰᠢᠮᠳᠠᠭᠤᠯᠤᠨ ᠪᠠᠶᠢᠴᠠᠭᠠᠬᠤ | ᠡᠭᠦᠷᠭᠡ ᠶᠢᠨ ᠨᠠᠷᠢᠨ ᠬᠠᠭᠤᠳᠠᠰᠤᠨ ᠳᠤ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠤ᠂ ᠠᠵᠢᠯ ᠤᠨ ᠠᠬᠢᠴᠠ ᠶᠢᠨ | ᠪᠠᠶᠢᠳᠠᠯ ᠢᠶᠠᠨ ᠮᠡᠳᠡᠭᠳᠡᠵᠦ᠂ ᠠᠰᠠᠭᠤᠳᠠᠯ ᠢ ᠴᠠᠭ ᠲᠤᠬᠠᠶ ᠳᠤᠨᠢ ᠡᠷᠢᠬᠦ ᠶᠢᠨ ᠬᠠᠮᠲᠤ ᠰᠢᠢᠳᠪᠦᠷᠢᠯᠡᠵᠦ᠂ ᠠᠵᠢᠯ ᠢᠶᠠᠨ ᠨᠠᠶᠢᠳᠠᠪᠤᠷᠢᠵᠢᠭᠤᠯᠤᠭᠰᠠᠨ ᠢᠶᠠᠷ | ᠬᠦᠷᠦᠯᠴᠡᠬᠦ ᠥᠬᠡᠶ ᠶᠢ ᠨᠢ ᠵᠠᠷᠯᠠᠨ ᠮᠡᠳᠡᠭᠳᠡᠵᠦ ᠬᠠᠷᠢᠭᠤᠴᠠᠯᠭ᠎ᠠ ᠨᠡᠬᠡᠮᠵᠢᠯᠡᠵᠦ᠂ ᠥᠭᠡᠷᠡᠴᠢᠯᠡᠯᠲᠡ ᠶᠢᠨ ᠡᠭᠦᠷᠭᠡ ᠶᠢᠨ ᠤᠷᠤᠭᠰᠢᠲᠠᠶ ᠪᠡᠶᠡᠯᠡᠭᠳᠡᠬᠦ ᠶᠢ ᠦᠨᠡᠨᠬᠦ | ᠪᠠᠲᠤᠯᠠᠬᠤ ᠬᠡᠷᠡᠭᠲᠡᠶ᠃ | | | |