ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠬᠤᠭᠤᠴᠠᠭᠠᠨ ᠤ ᠪᠦᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ ᠲᠥᠯᠥᠪᠵᠢᠭᠦᠯᠭᠡ ᠶᠢ ᠬᠢᠨᠠᠨ ᠵᠥᠪᠯᠡᠵᠦ ᠪᠠᠲᠤᠯᠠᠨ᠂ ᠡᠮᠴᠢᠯᠡᠭᠡᠨ ᠤ ᠳᠠᠭᠠᠳᠬᠠᠯ ᠤᠨ | ᠲᠦᠷᠢᠮ ᠤᠨ ᠲᠣᠭᠲᠠᠯᠴᠠᠭ᠎ᠠ ᠶᠢ ᠪᠦᠷᠢᠨᠰᠢᠬᠦᠯᠵᠤ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠲᠤᠬᠠᠶ | ᠪᠠᠶᠢᠷᠢᠯᠠᠭᠤᠯᠪᠠ᠃ | ︽ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠲᠦᠷᠢᠮ ︵ᠡᠬᠡ ᠨᠣᠣᠷᠠᠭ︶︾ ᠢ ᠪᠠᠲᠤᠯᠠᠨ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ | ᠠᠷᠪᠢᠯᠠᠬᠤ ᠪᠠ ᠬᠠᠮᠠᠭᠠᠯᠠᠬᠤ ᠶᠢ ᠴᠢᠩᠭᠠᠳᠬᠠᠪᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 15 ᠤ ᠡᠳᠦᠷ ᠲᠥᠷᠥ ᠶᠢᠨ ᠶᠠᠪᠤᠳᠠᠯ ᠤᠨ | ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠪᠦᠬᠦ ᠠᠷᠠᠳ ᠤᠨ | ᠡᠮᠴᠢᠯᠡᠭᠡᠨ ᠤ ᠪᠠᠲᠤᠯᠠᠭ᠎ᠠ ᠶᠢᠨ ᠲᠥᠯᠥᠪᠵᠢᠭᠦᠯᠭᠡ ᠶᠢ ᠬᠢᠨᠠᠨ ᠵᠥᠪᠯᠡᠵᠦ ᠪᠠᠲᠤᠯᠠᠨ᠂ ᠡᠮᠴᠢᠯᠡᠭᠡᠨ ᠤ ᠳᠠᠭᠠᠳᠬᠠᠯ ᠤᠨ ᠲᠦᠷᠢᠮ ᠤᠨ ᠲᠣᠭᠲᠠᠯᠴᠠᠭ᠎ᠠ ᠶᠢ | ᠪᠦᠷᠢᠨᠰᠢᠬᠦᠯᠵᠤ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠢ ᠭᠡᠵᠡᠢ︔ ︽ᠭᠠᠵᠠᠷ ᠳᠣᠤᠷᠠᠬᠢ | ᠤᠰᠤᠨ ᠤ ᠬᠠᠮᠢᠶᠠᠷᠤᠯᠲᠠ ᠶᠢᠨ ᠲᠦᠷᠢᠮ ︵ᠡᠬᠡ ᠨᠣᠣᠷᠠᠭ︶︾ ᠢ ᠪᠠᠲᠤᠯᠠᠨ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠬᠠᠮᠠᠭᠠᠯᠠᠬᠤ ᠶᠢ | ᠴᠢᠩᠭᠠᠳᠬᠠᠪᠠ᠃ | ᠬᠤᠷᠠᠯ ᠠᠴᠠ ᠵᠢᠭᠠᠬᠤ ᠳᠤ ᠪᠠᠨ᠂ ᠪᠦᠬᠦ ᠠᠷᠠᠳ ᠤᠨ ᠡᠮᠴᠢᠯᠡᠭᠡᠨ ᠤ ᠳᠠᠭᠠᠳᠬᠠᠯ ᠪᠣᠯ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠨᠢᠭᠡᠨ | ᠦᠨᠳᠦᠰᠦᠨ ᠳᠦᠷᠢᠮ ᠮᠥᠨ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠰᠢᠨ᠎ᠡ ᠨᠢᠭᠡ | ᠡᠭᠡᠯᠵᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠠᠴᠠ ᠨᠠᠭᠠᠰᠢ᠂ ᠮᠠᠨ ᠤ ᠤᠯᠤᠰ ᠨᠢᠭᠡᠨᠲᠡ ᠪᠦᠬᠦ ᠳᠡᠯᠡᠬᠡᠢ ᠶᠢᠨ ᠬᠠᠮᠤᠭ ᠤᠨ | ᠶᠡᠭᠡ᠂ ᠪᠦᠬᠦ ᠠᠷᠠᠳ ᠢ ᠬᠠᠮᠤᠷᠤᠭᠰᠠᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠲᠣᠣᠷ ᠢ ᠪᠠᠶᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠬᠤᠭᠤᠴᠠᠭᠠᠨ ᠳᠤ ᠦᠨᠳᠦᠰᠦᠨ ᠡᠮᠴᠢᠯᠡᠭᠡᠨ ᠤ ᠳᠠᠭᠠᠳᠬᠠᠯ ᠨᠢ 13.6 ᠳ᠋ᠦᠩᠰᠢᠭᠤᠷ ᠬᠥᠮᠦᠨ ᠢ ᠬᠠᠮᠤᠷᠴᠤ᠂ ᠬᠠᠮᠤᠷᠤᠭᠰᠠᠨ ᠨᠤᠷᠮ᠎ᠠ ᠶᠢ 95% ᠠᠴᠠ | ᠳᠡᠭᠡᠭᠰᠢ ᠳᠤ ᠲᠣᠭᠲᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠪᠠᠰᠠ ᠴᠢᠬᠤᠯᠠ ᠠᠬᠢᠴᠠ ᠲᠠᠢ ᠪᠤᠯᠵᠤ᠂ ᠤᠯᠠᠨ | ᠲᠦᠮᠡᠨ ᠤ ᠡᠪᠡᠳᠴᠢᠨ ᠦᠵᠡᠭᠦᠯᠬᠦ ᠳᠤ ᠬᠦᠴᠢᠷᠲᠡᠢ ᠡᠪᠡᠳᠴᠢᠨ ᠦᠵᠡᠭᠦᠯᠬᠦ ᠳᠤ ᠦᠨᠡᠲᠡᠢ ᠠᠰᠠᠭᠤᠳᠠᠯ ᠢ ᠨᠠᠮᠳᠠᠭᠤᠯᠬᠤ᠂ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠠᠮᠤᠷ ᠲᠣᠭᠲᠠᠭᠤᠨ ᠢ ᠬᠠᠮᠠᠭᠠᠯᠠᠬᠤ ᠳᠤ ᠴᠢᠬᠤᠯᠠ ᠦᠢᠯᠡᠳᠦᠯ ᠦᠵᠡᠭᠦᠯᠵᠡᠢ᠃ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠡᠮᠴᠢᠯᠡᠭᠡᠨ ᠤ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠴᠢᠳᠠᠯ ᠤᠨ | ᠴᠢᠨᠡᠭᠡ ᠪᠠᠷ ᠢᠶᠠᠨ ᠴᠢᠷᠮᠠᠶᠢᠵᠤ᠂ ᠴᠢᠳᠠᠯ ᠤᠨ ᠬᠢᠷᠢ ᠪᠠᠷ ᠢᠶᠠᠨ ᠬᠢᠵᠦ᠂ ᠡᠮᠴᠢᠯᠡᠭᠡᠨ ᠤ ᠪᠠᠲᠤᠯᠠᠭ᠎ᠠ ᠳᠤ ᠦᠨᠳᠦᠰᠦᠨ ᠵᠦᠢᠯ ᠢ ᠪᠠᠲᠤᠯᠠᠬᠤ ᠣᠨᠣᠯᠵᠢᠬᠤᠨ ᠢ ᠢᠮᠠᠭᠲᠠ | ᠲᠤᠭᠤᠰᠢᠯᠠᠭᠤᠯᠵᠤ᠂ ᠬᠢᠷᠢ ᠲᠦᠪᠰᠢᠨ ᠢᠶᠠᠨ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠦᠷᠭᠦᠯᠵᠢᠯᠡᠬᠦᠶᠢᠴᠡ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ ᠨᠢᠭᠡ ᠳᠤ | ᠂ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠳᠠᠭᠠᠳᠬᠠᠯ ᠤᠨ ᠲᠦᠷᠢᠮ ᠤᠨ ᠲᠣᠭᠲᠠᠯᠴᠠᠭ᠎ᠠ ᠶᠢ ᠪᠦᠷᠢᠨᠰᠢᠬᠦᠯᠵᠦ᠂ ᠡᠮᠴᠢᠯᠡᠭᠡᠨ ᠤ ᠳᠠᠭᠠᠳᠬᠠᠯ ᠤᠨ ᠬᠠᠪᠰᠤᠷᠤᠮᠵᠢ | ᠲᠥᠷᠥ ᠶᠢᠨ ᠪᠣᠳᠣᠯᠭ᠎ᠠ ᠶᠢ ᠲᠥᠷᠥᠯ ᠬᠤᠪᠢᠶᠠᠨ ᠰᠢᠯᠢᠳᠡᠭᠵᠢᠭᠦᠯᠬᠦ ᠬᠡᠷᠡᠭᠲᠡᠢ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ | ᠨᠠᠶᠢᠳᠠᠪᠤᠷᠢᠵᠢᠭᠤᠯᠤᠨ᠂ ᠠᠵᠢᠯᠳᠠᠨ ᠠᠵᠢᠯᠴᠢᠨ ᠪᠠ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠪᠠᠶᠢᠩᠭᠤ ᠰᠠᠭᠤᠭ᠎ᠠ ᠭᠠᠵᠠᠷ᠂ ᠠᠵᠢᠯ ᠣᠯᠤᠭᠰᠠᠨ | ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ ᠶᠢ ᠠᠬᠢᠭᠤᠯᠵᠤ᠂ ᠠᠮᠢᠳᠤᠯᠢᠭ ᠢᠶᠠᠷ ᠠᠵᠢᠯ ᠣᠯᠤᠭᠰᠠᠳ ᠤᠨ ᠳᠠᠭᠠᠳᠬᠠᠯ ᠳᠤ ᠣᠷᠣᠯᠴᠠᠬᠤ ᠡᠷᠦᠭᠡ ᠠᠮᠠ ᠶᠢᠨ | ᠬᠠᠷᠢᠶᠠᠯᠠᠯ ᠤᠨ ᠬᠢᠵᠠᠭᠠᠷᠯᠠᠯ ᠢ ᠴᠢᠯᠥᠭᠡᠲᠡᠶ ᠪᠣᠯᠭᠠᠬᠤ ᠬᠡᠷᠡᠭᠲᠡᠢ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠲᠠᠩᠰᠠ ᠲᠠᠶᠢᠯᠬᠤ | ᠬᠠᠷᠠᠭᠠᠯᠵᠠᠯ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ | ᠡᠪᠡᠳᠴᠢᠨ ᠤ ᠡᠭᠦᠳᠡᠨ ᠡᠮᠨᠡᠯᠭᠡ ᠶᠢᠨ ᠡᠮ ᠬᠡᠷᠡᠭᠯᠡᠬᠦ ᠪᠠᠲᠤᠯᠠᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠬᠦᠨᠳᠦ ᠡᠪᠡᠳᠴᠢᠨ ᠤ ᠳᠠᠭᠠᠳᠬᠠᠯ ᠬᠢᠭᠡᠳ ᠦᠨᠳᠦᠰᠦᠨ | ᠡᠮᠴᠢᠯᠡᠭᠡᠨ ᠤ ᠳᠠᠭᠠᠳᠬᠠᠯ ᠢ ᠵᠣᠯᠭᠠᠭᠤᠯᠬᠤ ᠶᠢ ᠴᠢᠩᠭᠠᠳᠬᠠᠵᠤ᠂ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠬᠦᠴᠢᠷᠳᠡᠯ ᠲᠠᠢ ᠤᠯᠠᠨ ᠲᠦᠮᠡᠨ ᠤ | ᠬᠦᠨᠳᠦ ᠶᠡᠭᠡ ᠡᠪᠡᠳᠴᠢᠨ ᠡᠮᠭᠡᠭ ᠢ ᠠᠪᠤᠷᠠᠨ ᠲᠤᠰᠠᠯᠠᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠭᠡᠨᠡᠳᠲᠡ ᠶᠢᠨ ᠬᠦᠨᠳᠦ ᠶᠡᠭᠡ ᠬᠢᠵᠢᠭ ᠤᠨ ᠪᠠᠶᠢᠳᠠᠯ | ᠳᠣᠣᠷᠠᠬᠢ ᠤᠷᠢᠳ ᠢᠶᠠᠷ ᠡᠮᠨᠡᠨ ᠵᠠᠰᠠᠵᠤ᠂ ᠲᠠᠷᠠᠭ᠎ᠠ ᠨᠢ ᠰᠦᠢᠳᠬᠡᠯ ᠬᠤᠷᠢᠶᠠᠬᠤ ᠪᠠ ᠣᠨᠴᠠᠭᠠᠶ ᠡᠪᠡᠳᠴᠢᠲᠡᠨ᠂ ᠣᠨᠴᠠᠭᠠᠶ ᠡᠪᠡᠳᠴᠢᠨ ᠡᠮᠭᠡᠭ ᠲᠤ ᠴᠢᠭᠯᠡᠭᠦᠯᠦᠭᠰᠡᠨ | ᠡᠮᠴᠢᠯᠡᠭᠡᠨ ᠤ ᠰᠦᠢᠳᠬᠡᠯ ᠢ ᠬᠡᠯᠲᠦᠷᠢᠭᠦᠯᠬᠦ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠰ ᠤᠨ | ᠬᠥᠭᠵᠢᠯᠲᠡ ᠶᠢ ᠳᠡᠮᠵᠢᠵᠦ᠂ ᠨᠠᠰᠤᠲᠠᠶᠢᠴᠤᠳ ᠵᠡᠷᠭᠡ ᠬᠦᠮᠦᠰ ᠲᠤ ᠬᠠᠨᠳᠤᠭᠤᠯᠤᠭᠰᠠᠨ ᠳᠠᠭᠠᠳᠬᠠᠯ ᠤᠨ ᠨᠡᠷᠡᠳᠬᠦᠨ ᠢ ᠪᠠᠶᠠᠯᠢᠭᠵᠢᠭᠤᠯᠬᠤ ᠬᠡᠷᠡᠭᠲᠡᠢ᠃ ᠣᠷᠳᠣ | ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠢ ᠲᠣᠭᠲᠠᠭᠤᠨ ᠢᠶᠠᠷ ᠪᠠᠶᠢᠭᠤᠯᠬᠤ ᠬᠡᠷᠡᠭᠲᠡᠢ᠃ ᠦᠷᠡᠵᠢᠯ ᠤᠨ ᠳᠠᠭᠠᠳᠬᠠᠯ ᠤᠨ ᠲᠦᠷᠦ ᠶᠢᠨ | ᠪᠣᠳᠣᠯᠭ᠎ᠠ ᠶᠢ ᠪᠦᠷᠢᠨᠰᠢᠭᠦᠯᠬᠦ ᠬᠡᠷᠡᠭᠲᠡᠢ᠃ ᠬᠤᠶᠠᠷ ᠲᠤ᠂ ᠦᠨᠳᠦᠰᠦᠨ ᠡᠮᠴᠢᠯᠡᠭᠡᠨ ᠤ ᠲᠣᠭᠲᠠᠯᠴᠠᠭ᠎ᠠ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠦᠷᠢᠮ ᠢ | ᠬᠠᠷᠢᠯᠴᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ᠂ ᠡᠮᠴᠢᠯᠡᠭᠡᠨ ᠤ ᠬᠤᠯᠪᠣᠭᠠᠲᠤ ᠴᠣᠭᠴᠠ ᠵᠡᠷᠭᠡ ᠶᠢᠨ ᠬᠥᠭᠵᠢᠯᠲᠡ ᠶᠢ ᠠᠬᠢᠭᠤᠯᠤᠨ᠂ ᠨᠥᠬᠦᠴᠡᠯ ᠳᠤ | ᠨᠡᠶᠢᠴᠡᠭᠰᠡᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠬᠤ ᠬᠡᠪᠴᠢᠶᠡᠨ ᠳᠤ ᠣᠷᠣᠭᠤᠯᠵᠤ᠂ | ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠠᠬᠢᠭᠤᠯᠤᠨ᠂ ︽ᠪᠠᠭ᠎ᠠ ᠡᠪᠡᠳᠴᠢᠨ ᠢ | ᠶᠡᠭᠡ ᠪᠠᠷ ᠵᠠᠰᠠᠬᠤ︾᠂ ᠬᠡᠲᠦᠷᠡᠲᠡᠯ᠎ᠡ ᠡᠮᠴᠢᠯᠡᠬᠦ ᠦᠵᠡᠭᠳᠡᠯ ᠢ ᠪᠠᠭᠠᠰᠬᠠᠵᠤ᠂ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠢᠯᠡᠳᠦᠯ ᠢ | ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠡᠮᠴᠢᠯᠡᠭᠡᠨ ᠤ ᠳᠠᠭᠠᠳᠬᠠᠯ ᠪᠣᠯᠤᠨ ᠡᠮ ᠡᠮᠨᠡᠯᠭᠡ ᠶᠢᠨ ᠬᠠᠮᠵᠢᠯᠴᠠᠭᠰᠠᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ | ᠤᠯᠤᠰ ᠠᠴᠠ ᠡᠮ ᠤᠨ ᠵᠦᠢᠯ ᠢ ᠬᠡᠮᠵᠢᠶ᠎ᠡ ᠲᠠᠢ ᠪᠠᠷ ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ | ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠠᠢ ᠪᠠᠷ ᠲᠥᠪᠯᠡᠷᠡᠭᠦᠯᠦᠨ ᠬᠤᠳᠠᠯᠳᠤᠨ ᠠᠪᠬᠤ ᠬᠡᠪᠴᠢᠶ᠎ᠡ ᠶᠢ ᠥᠷᠭᠡᠳᠬᠡᠨ᠂ | ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠬᠡᠲᠦ ᠥᠨᠳᠥᠷ ᠪᠠᠶᠢᠬᠤ ᠶᠢ ᠬᠤᠷᠢᠭᠯᠠᠬᠤ ᠬᠡᠷᠡᠭᠲᠡᠢ᠃ | ᠡᠮᠴᠢᠯᠡᠭᠡᠨ ᠤ ᠦᠨ᠎ᠡ ᠥᠷᠲᠡᠭ ᠢᠶᠠᠷ ᠥᠨᠳᠥᠷ᠂ ᠡᠪᠡᠳᠴᠢᠲᠡᠨ ᠳᠤ ᠢᠯᠡᠳᠲᠡ ᠠᠰᠢᠭ ᠬᠦᠷᠲᠡᠭᠡᠬᠦ ᠡᠮ ᠤᠨ ᠵᠦᠢᠯ ᠢ ᠴᠠᠭ ᠲᠤᠬᠠᠶ ᠳᠤ ᠨᠢ ᠡᠮᠴᠢᠯᠡᠭᠡᠨ ᠤ | ᠳᠠᠭᠠᠳᠬᠠᠯ ᠤᠨ ᠳᠥᠯᠥᠬᠦ ᠬᠡᠪᠴᠢᠶᠡᠨ ᠳᠤ ᠣᠷᠣᠭᠤᠯᠵᠤ᠂ ᠢᠷᠡᠬᠦ ᠵᠢᠯ ᠳᠤ ᠪᠥᠬᠦ ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠬᠡᠷᠡᠭᠯᠡᠬᠦ ᠡᠮ ᠤᠨ | ᠬᠡᠪᠴᠢᠶ᠎ᠡ ᠶᠢ ᠦᠨᠳᠦᠰᠦᠨ ᠳᠤ ᠪᠠᠨ ᠨᠢᠭᠡᠲᠦᠯᠲᠡᠢ ᠪᠣᠯᠭᠠᠬᠤ ᠶᠢ ᠪᠡᠶᠡᠯᠡᠭᠦᠯᠬᠦ ᠬᠡᠷᠡᠭᠲᠡᠢ᠃ ᠳᠥᠷᠪᠡ ᠳᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠮᠤᠵᠢ ᠬᠤᠲᠠ ᠰᠢᠶᠠᠨ ᠰᠢᠶᠠᠩ ᠲᠣᠰᠬᠤᠨ ᠢ ᠬᠠᠮᠤᠷᠤᠭᠰᠠᠨ ᠡᠮᠴᠢᠯᠡᠭᠡᠨ ᠤ ᠳᠠᠭᠠᠳᠬᠠᠯ ᠤᠨ | ᠦᠢᠯᠡᠴᠢᠯᠡᠭᠡᠨ ᠤ ᠲᠣᠣᠷ ᠢ ᠪᠠᠶᠢᠭᠤᠯᠬᠤ ᠬᠡᠷᠡᠭᠲᠡᠢ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠶᠢ ᠪᠦᠷᠢᠳᠬᠡᠨ ᠳᠠᠩᠰᠠᠯᠠᠬᠤ ᠪᠠ | ᠵᠠᠯᠭᠠᠭᠤᠯᠤᠨ ᠰᠢᠯᠵᠢᠭᠦᠯᠬᠦ ᠵᠡᠷᠭᠡ ᠶᠢᠨ ᠮᠤᠵᠢ ᠠᠯᠤᠰᠯᠠᠨ ᠨᠡᠶᠢᠳᠡᠮ ᠭᠦᠢᠴᠡᠳᠬᠡᠬᠦ ᠶᠢ ᠠᠬᠢᠭᠤᠯᠵᠤ᠂ ᠣᠨᠳᠣᠣ ᠭᠠᠵᠠᠷ ᠲᠤ ᠡᠮᠨᠡᠭᠦᠯᠵᠦ ᠡᠮᠨᠡᠯᠭᠡ ᠳᠤ ᠰᠠᠭᠤᠬᠤ᠂ | ᠡᠭᠦᠳᠡᠨ ᠡᠮᠨᠡᠯᠭᠡ ᠳᠤ ᠡᠮᠨᠡᠭᠦᠯᠬᠦ ᠵᠠᠷᠤᠳᠠᠯ ᠢ ᠰᠦᠯᠵᠢᠶᠡᠨ ᠳᠡᠭᠡᠷ᠎ᠡ ᠳ᠋ᠦᠩᠨᠡᠨ ᠪᠤᠳᠤᠬᠤ ᠶᠢ ᠪᠦᠬᠦ ᠤᠯᠤᠰ ᠤᠨ ᠬᠡᠪᠴᠢᠶᠡᠨ ᠳᠤ ᠪᠡᠶᠡᠯᠡᠭᠦᠯᠬᠦ ᠬᠡᠷᠡᠭᠲᠡᠢ᠃ ᠲᠠᠪᠤ ᠳᠤ᠂ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ | ᠂ ᠰᠠᠯᠠᠭ᠎ᠠ ᠮᠥᠴᠢᠷ ᠤᠳ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠰᠢᠰᠲ᠋ᠧᠮ ᠢᠶᠠᠷ ᠬᠢᠨᠠᠨ ᠡᠵᠡᠮᠳᠡᠬᠦ᠂ ᠲᠤᠬᠠᠶ ᠶᠢᠨ ᠲᠠᠯᠠᠪᠤᠷ ᠲᠤ | ᠨᠢ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠪᠡᠶᠡᠯᠡᠭᠦᠯᠬᠦ ᠬᠡᠷᠡᠭᠲᠡᠢ᠃ | ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠵᠡᠷᠭᠡ ᠭᠤᠷᠪᠠᠳᠠᠭᠴᠢ ᠡᠲᠡᠭᠡᠳ ᠤᠨ ᠬᠦᠴᠦᠨ ᠢ ᠣᠷᠣᠭᠤᠯᠤᠨ ᠠᠪᠴᠢᠷᠠᠵᠤ ᠬᠢᠨᠠᠨ ᠬᠠᠮᠢᠶᠠᠷᠬᠤ ᠲᠤᠰᠬᠠᠶ | ᠮᠡᠷᠭᠡᠵᠢᠯ ᠤᠨ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠨᠡᠩ ᠪᠦᠲᠦᠮᠵᠢᠲᠡᠶ ᠪᠠᠷ ᠪᠠᠳᠠᠷᠠᠭᠤᠯᠬᠤ ᠬᠡᠷᠡᠭᠲᠡᠢ᠃ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ ᠪᠠᠶᠢᠳᠠᠯ ᠵᠢᠴᠢ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠠᠭ ᠲᠤᠬᠠᠶ ᠳᠤ ᠨᠢ ᠢᠯᠡ ᠪᠠᠷ ᠵᠠᠷᠯᠠᠨ | ᠮᠡᠳᠡᠭᠳᠡᠵᠦ᠂ ᠮᠡᠬᠡᠯᠡᠨ ᠬᠢᠬᠠᠵᠤ ᠳᠠᠭᠠᠳᠬᠠᠯ ᠮᠡᠬᠡᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠡᠢ᠃ | ᠬᠤᠷᠠᠯ ᠠᠴᠠ ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ ︵ᠡᠬᠡ ᠨᠣᠣᠷᠠᠭ︶︾ ᠢ ᠪᠠᠲᠤᠯᠠᠪᠠ᠃ ᠡᠬᠡ ᠨᠣᠣᠷᠠᠭ ᠲᠤ ᠤᠰᠤ | ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠭᠠᠵᠠᠷ ᠳᠣᠤᠷᠠᠬᠢ ᠤᠰᠤ ᠶᠢ ᠲᠠᠲᠠᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠ ᠤᠰᠤᠨ ᠲᠦᠪᠰᠢᠨ ᠢ | ᠬᠢᠵᠠᠭᠠᠷᠯᠠᠬᠤ ᠲᠦᠷᠢᠮ ᠢ ᠲᠣᠳᠣᠷᠬᠠᠶ ᠲᠣᠭᠲᠠᠭᠠᠵᠤ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠭᠠᠶᠢᠯᠢ ᠰᠦᠢᠳᠬᠡᠯ ᠤᠨ ᠪᠠᠷᠢᠮᠵᠢᠶ᠎ᠠ ᠶᠢ ᠵᠦᠶ ᠵᠣᠬᠢᠰᠲᠠᠶ | ᠳᠡᠭᠡᠭᠰᠢᠯᠡᠭᠦᠯᠬᠦ ᠪᠠᠷ ᠲᠣᠭᠲᠠᠭᠠᠪᠠ᠃ ᠡᠬᠡ ᠨᠣᠣᠷᠠᠭ ᠲᠤ ᠰᠠᠯᠠᠭ᠎ᠠ ᠮᠥᠴᠢᠷ ᠪᠠ ᠣᠷᠣᠨ ᠨᠤᠲᠤᠭ ᠤᠨ ᠬᠢᠨ ᠤ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢ | ᠲᠣᠳᠣᠷᠬᠠᠶ ᠲᠣᠭᠲᠠᠭᠠᠵᠠᠶ᠃ ᠨᠡᠭᠡᠭᠡᠨ ᠮᠠᠯᠲᠠᠬᠤ ᠶᠢ ᠴᠠᠭᠠᠵᠠᠯᠠᠬᠤ ᠣᠷᠣᠨ ᠪᠠ ᠨᠡᠭᠡᠭᠡᠨ ᠮᠠᠯᠲᠠᠬᠤ ᠶᠢ ᠬᠢᠵᠠᠭᠠᠷᠯᠠᠬᠤ ᠣᠷᠣᠨ ᠢ ᠵᠠᠭᠠᠭᠯᠠᠨ ᠲᠣᠭᠲᠠᠭᠠᠬᠤ ᠪᠠᠷ | ᠱᠠᠭᠠᠷᠳᠠᠪᠠ᠃ ᠣᠨᠴᠠᠭᠠᠶ ᠪᠠᠶᠢᠳᠠᠯ ᠠᠴᠠ ᠭᠠᠳᠠᠨ᠎ᠠ ᠨᠡᠭᠡᠭᠡᠨ ᠮᠠᠯᠲᠠᠬᠤ ᠶᠢ ᠴᠠᠭᠠᠵᠠᠯᠠᠭᠰᠠᠨ ᠣᠷᠣᠨ ᠤ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠶᠢ | ᠴᠠᠭᠠᠵᠠᠯᠠᠵᠤ᠂ ᠨᠡᠭᠡᠭᠡᠨ ᠮᠠᠯᠲᠠᠬᠤ ᠶᠢ ᠬᠢᠵᠠᠭᠠᠷᠯᠠᠭᠰᠠᠨ ᠣᠷᠣᠨ ᠳᠤ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠣᠷᠣᠨ ᠢ ᠰᠢᠨ᠎ᠡ ᠪᠠᠷ ᠨᠡᠮᠡᠭᠳᠡᠭᠦᠯᠬᠦ ᠶᠢ | ᠴᠠᠭᠠᠵᠠᠯᠠᠵᠤ᠂ ᠭᠠᠵᠠᠷ ᠳᠣᠤᠷᠠᠬᠢ ᠤᠰᠤ ᠶᠢ ᠪᠣᠬᠢᠷᠲᠤᠭᠤᠯᠬᠤ ᠪᠤᠶᠤ ᠪᠣᠬᠢᠷᠲᠤᠭᠤᠯᠵᠤ ᠮᠡᠳᠡᠬᠦ ᠦᠢᠯᠡ ᠠᠵᠢᠯᠯᠠᠭ᠎ᠠ ᠶᠢ ᠴᠠᠭᠠᠵᠠᠯᠠᠨ᠎ᠠ ᠭᠡᠵᠦ ᠲᠣᠳᠣᠷᠬᠠᠢ | ᠲᠣᠭᠲᠠᠭᠠᠵᠠᠶ᠃ ᠲᠥᠰᠦᠯ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠰᠢᠢᠳᠬᠡᠬᠦ ᠲᠤᠬᠠᠶ ᠲᠣᠳᠣᠷᠬᠠᠶ ᠲᠣᠭᠲᠠᠭᠠᠯ | ᠭᠠᠷᠭᠠᠵᠠᠶ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ |