ᠰᠢ ᠶᠢᠨ ᠫᠢᠩ ᠱᠠᠨᠰᠢ ᠳᠤ ᠰᠠᠭᠤᠭ᠎ᠠ ᠴᠡᠷᠢᠭ ᠠᠩᠬᠢ ᠶᠢᠨ ᠨᠢᠭᠡᠨ ᠰᠠᠭᠤᠷᠢᠨ ᠭᠠᠵᠠᠷ ᠲᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠳᠠᠶᠢᠨ ᠳᠤ ᠪᠡᠯᠡᠳᠬᠡᠵᠦ ᠳᠠᠶᠢᠨ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ ᠰᠢᠨ᠎ᠡ ᠶᠢ ᠡᠭᠦᠳᠬᠦ ᠬᠥᠭᠵᠢᠯᠲᠡ ᠶᠢ ᠲᠦᠷᠭᠡᠳᠬᠡᠵᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2021/9/18
      微信图片_20210918152606.jpg
            9 ᠰᠠᠷ᠎ᠠ ᠶᠢᠨ 15 ᠤ ᠡᠳᠦᠷ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠱᠠᠨᠰᠢ ᠳᠤ ᠰᠠᠭᠤᠭ᠎ᠠ ᠴᠡᠷᠢᠭ ᠠᠩᠭᠢ ᠶᠢᠨ ᠨᠢᠭᠡᠨ ᠰᠠᠭᠤᠷᠢᠨ ᠭᠠᠵᠠᠷ ᠢᠶᠠᠷ ᠰᠢᠨᠵᠢᠯᠡᠨ ᠪᠠᠶᠢᠴᠠᠭᠠᠪᠠ᠃ ᠵᠢᠷᠤᠭ ᠪᠤᠯ ᠰᠢ  ᠶᠢᠨ ᠫᠢᠩ ᠰᠠᠭᠤᠷᠢᠨ ᠭᠠᠵᠠᠷ ᠤᠨ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠵᠤ ᠪᠠᠶᠢᠭ᠎ᠠ ᠨᠢ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠭᠠᠩ ᠰᠡᠭᠦᠳᠡᠷᠯᠡᠪᠡ
      微信图片_20210918152620.jpg
        9 ᠰᠠᠷ᠎ᠠ ᠶᠢᠨ 15 ᠤ ᠡᠳᠦᠷ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠱᠠᠨᠰᠢ ᠳᠤ ᠰᠠᠭᠤᠭ᠎ᠠ ᠴᠡᠷᠢᠭ ᠠᠩᠭᠢ ᠶᠢᠨ ᠨᠢᠭᠡᠨ ᠰᠠᠭᠤᠷᠢᠨ ᠭᠠᠵᠠᠷ ᠢᠶᠠᠷ ᠰᠢᠨᠵᠢᠯᠡᠨ ᠪᠠᠶᠢᠴᠠᠭᠠᠪᠠ᠃ ᠵᠢᠷᠤᠭ ᠪᠤᠯ ᠰᠢ  ᠶᠢᠨ ᠫᠢᠩ ᠱᠠᠨᠰᠢ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠦᠯᠦᠭᠡᠯᠡᠭᠴᠢᠳ ᠲᠠᠢ ᠳᠤᠳᠤᠨᠤ ᠪᠠᠷ ᠠᠭᠤᠯᠵᠠᠵᠤ ᠪᠠᠶᠢᠭ᠎ᠠ ᠨᠢ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠭᠠᠩ ᠰᠡᠭᠦᠳᠡᠷᠯᠡᠪᠡ      ᠰᠢᠨᠬᠤᠸᠠ ᠬᠤᠷᠢᠶᠠᠨ ᠤ ᠰᠢ ᠠᠨ ᠤ 9 ᠰᠠᠷ᠎ᠠ ᠶᠢᠨ 16 ᠤ ᠴᠠᠬᠢᠯᠭᠠᠨ ᠮᠡᠳᠡᠭᠡ ᠨᠠᠮ ᠤᠨ ᠲᠦᠪ ᠬᠤᠷᠢᠶᠠᠨ ᠤ ᠶᠠᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ 15 ᠤ ᠡᠳᠤᠷ ᠱᠠᠨᠰᠢ ᠳᠤ ᠰᠠᠭᠤᠭ᠎ᠠ ᠴᠡᠷᠢᠭ ᠠᠩᠬᠢ ᠶᠢᠨ ᠨᠢᠬᠡᠨ ᠰᠠᠭᠤᠷᠢᠨ ᠭᠠᠵᠠᠷ ᠲᠤ ᠰᠢᠨᠵᠢᠯᠠᠨ ᠪᠠᠶᠢᠴᠠᠭᠠᠵᠤ᠂ ᠨᠠᠮ ᠤᠨ ᠲᠦᠪ ᠬᠤᠷᠢᠶ᠎ᠠ ᠪᠤᠯᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠤᠨ᠎ᠠ ᠠᠴᠠ ᠰᠠᠭᠤᠷᠢᠨ ᠭᠠᠵᠠᠷ ᠤᠨ ᠪᠦᠬᠦ ᠲᠠᠷᠤᠭ᠎ᠠ ᠪᠠᠶᠢᠯᠳᠤᠬᠴᠢ ᠳᠤ ᠴᠢᠩ ᠰᠡᠳᠬᠢᠯ ᠤᠨ ᠮᠡᠨᠳᠤᠴᠢᠯᠠᠯ ᠬᠦᠷᠬᠡᠪᠡ᠃ ᠲᠡᠷᠡ᠂ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠲᠡᠶᠢᠨ ᠳᠤ ᠪᠡᠯᠡᠳᠬᠡᠵᠦ ᠲᠡᠶᠢᠨ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠢ ᠡᠬᠦᠤᠨᠬᠦ ᠬᠦᠭᠵᠢᠯᠳᠡ ᠶᠢ ᠲᠦᠷᠭᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠳᠡᠯᠡᠬᠡᠶ ᠶᠢᠨ ᠲᠡᠷᠢᠭᠦᠨ ᠤ ᠴᠡᠷᠢᠭ ᠠᠩᠭᠢ ᠶᠢ ᠪᠠᠶᠢᠭᠤᠯᠬᠤ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠠᠯᠲᠠᠨ ᠨᠠᠮᠤᠷ ᠤᠨ ᠤᠯᠠᠷᠢᠯ ᠳᠤ᠂ ᠡᠷᠲᠡᠨ ᠤ ᠬᠤᠲᠠ ᠰᠢ ᠠᠨ ᠤ ᠲᠩᠷᠢ ᠨᠢ ᠴᠡᠯᠮᠡᠭ ᠠᠭᠠᠷ ᠨᠢ ᠲᠤᠩᠭᠠᠯᠠᠭ᠂ ᠥᠩᠭᠡ ᠦᠵᠡᠮᠵᠢ ᠦᠵᠡᠰᠬᠦᠯᠡᠩ᠃ ᠦᠳᠡ ᠶᠢᠨ ᠡᠮᠦᠨᠡᠬᠢ 10 ᠴᠠᠭ 30 ᠮᠢᠨᠦ᠋ᠲ ᠤᠨ ᠦᠶ᠎ᠡ ᠪᠠᠷ᠂ ᠰᠢ ᠶᠢᠨ ᠫᠢᠩ ᠰᠠᠭᠤᠷᠢᠨ ᠤ ᠴᠡᠷᠢᠭ ᠤᠨ ᠬᠤᠸᠠᠷᠠᠨ ᠳᠤ ᠢᠷᠡᠪᠡ᠃ ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ᠰᠢ ᠠᠨ ᠳᠤ ᠰᠠᠭᠤᠭ᠎ᠠ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃      ᠳᠠᠷᠠᠭ᠎ᠠ ᠳᠤᠨᠢ᠂ ᠰᠢ ᠶᠢᠨ ᠫᠢᠩ ᠰᠠᠭᠤᠷᠢᠨ ᠭᠠᠵᠠᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ ᠰᠠᠭᠤᠷᠢᠨ ᠭᠠᠵᠠᠷ ᠤᠨ ᠤᠷᠳᠤ ᠬᠤᠭᠤᠴᠠᠭᠠᠨ ᠤ ᠲᠤᠷᠰᠢ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠦᠢᠯᠡᠳᠦᠯ ᠢ ᠭᠦᠢᠴᠡᠳ ᠨᠤᠲᠠᠯᠠᠪᠠ᠃ ᠲᠡᠷᠡ᠂ ᠰᠠᠨᠰᠠᠷ ᠤᠨ ᠠᠶᠠᠯᠠᠯ ᠤᠨ ᠬᠠᠷᠪᠤᠯᠲᠠ ᠶᠢᠨ ᠲᠤᠭ᠎ᠠ ᠨᠡᠮᠡᠭᠳᠡᠵᠤ᠂ ᠱᠠᠭᠠᠷᠳᠠᠯᠭ᠎ᠠ ᠲᠡᠭᠡᠭᠰᠢᠯᠡᠭᠰᠡᠨ ᠪᠣᠳᠠᠲᠤ ᠪᠠᠶᠢᠳᠠᠯ ᠳᠤ ᠵᠣᠬᠢᠴᠠᠵᠤ᠂ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠰᠢᠯᠢᠳᠡᠭᠵᠢᠭᠦᠯᠵᠦ᠂ ᠬᠡᠮᠵᠢᠨ ᠡᠵᠡᠮᠳᠡᠬᠦ ᠮᠡᠷᠭᠡᠵᠢᠯ ᠪᠠ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠬᠡᠮᠵᠢᠨ ᠡᠵᠡᠮᠳᠡᠬᠦ ᠶᠢᠨ ᠨᠠᠷᠢᠯᠢᠭ ᠣᠨᠣᠴᠠᠲᠠᠢ ᠨᠠᠶᠢᠳᠠᠪᠤᠷᠢᠲᠠᠢ᠂ ᠲᠡᠭᠦᠰ ᠠᠮᠵᠢᠯᠲᠠ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠤᠯᠤᠰ ᠤᠨ ᠰᠠᠨᠰᠠᠷ ᠤᠨ ᠰᠢᠰᠲ᠋ᠧᠮ ᠤᠨ ᠠᠵᠢᠯᠯᠠᠭᠠᠨ ᠤ ᠬᠠᠮᠢᠶᠠᠷᠤᠯᠲᠠ ᠶᠢ ᠨᠢᠭᠡᠳᠦᠯᠲᠡᠶ ᠲᠥᠯᠥᠪᠵᠢᠬᠦᠯᠤᠨ ᠬᠡᠷᠡᠭᠵᠢᠭᠦᠯᠵᠦ᠂ ᠬᠠᠮᠢᠶᠠᠷᠤᠯᠲᠠ ᠪᠠ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠰᠢ ᠶᠢᠨ ᠫᠢᠩ᠂ ᠰᠠᠨᠰᠠᠷ ᠤᠨ ᠡᠳ᠋ ᠬᠥᠷᠥᠩᠭᠡ ᠪᠣᠯ ᠤᠯᠤᠰ ᠤᠨ ᠪᠠᠶᠢᠯᠳᠤᠬᠤ ᠪᠣᠳᠣᠯᠭ᠎ᠠ ᠶᠢᠨ ᠡᠳ᠋ ᠬᠥᠷᠥᠩᠭᠡ ᠮᠥᠨ᠂ ᠲᠡᠭᠦᠨ ᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠬᠦ ᠬᠡᠷᠡᠭᠲᠡᠶ ᠪᠥᠭᠡᠳ ᠨᠡᠩ ᠴᠤ ᠰᠠᠶᠢᠲᠤᠷ ᠬᠠᠮᠠᠭᠠᠯᠠᠬᠤ ᠬᠡᠷᠡᠭᠲᠡᠶ᠃ ᠰᠡᠷᠭᠡᠶᠢᠯᠡᠨ ᠬᠠᠮᠠᠭᠠᠯᠠᠬᠤ ᠬᠦᠴᠦᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠭᠠᠮᠰᠢᠭ ᠢ ᠪᠦᠳᠦᠮᠵᠢᠳᠡᠢ ᠠᠷᠭᠠᠴᠠᠭᠠᠬᠤ ᠪᠡᠯᠡᠳᠬᠡᠯ ᠳ᠋ᠠᠶᠢᠲ᠋ᠠ᠂ ᠡᠪᠳᠡᠯᠡᠭᠡ ᠶᠢ ᠡᠰᠡᠷᠭᠦᠴᠡᠨ ᠣᠷᠣᠰᠢᠨ ᠲᠣᠭᠲᠠᠨᠢᠬᠤ᠂ ᠮᠡᠳᠡᠭᠡ ᠵᠠᠩᠭᠢ ᠶᠢᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠰᠠᠨᠰᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠰᠠᠨᠰᠠᠷ ᠤᠨ ᠰᠢᠰᠲ᠋ᠧᠮ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠰᠠᠨᠰᠠᠷ ᠤᠨ ᠠᠮᠤᠷ ᠲᠦᠪᠰᠢᠨ ᠤ ᠤᠯᠠᠨ ᠤᠯᠤᠰ ᠤᠨ ᠬᠠᠮᠲᠤᠷᠠᠯᠴᠠᠭ᠎ᠠ ᠶᠢ ᠥᠷᠨᠢᠭᠦᠯᠵᠦ᠂ ᠰᠠᠨᠰᠠᠷ ᠤᠨ ᠬᠢᠮᠤᠷᠠᠯ ᠢ ᠬᠠᠮᠢᠶᠠᠷᠤᠨ ᠡᠵᠡᠮᠳᠡᠬᠦ ᠪᠠ ᠶᠡᠷᠦᠩᠬᠡᠶᠢᠯᠡᠨ ᠵᠠᠰᠠᠬᠤ ᠪᠦᠲᠦᠮᠵᠢ ᠴᠢᠳᠠᠪᠦᠷᠢ ᠶᠢ ᠳᠡᠭᠡᠭᠰᠢᠯᠡᠭᠦᠯᠬᠦ ᠬᠡᠷᠡᠭᠲᠡᠢ ᠬᠡᠵᠤ ᠵᠢᠭᠠᠵᠤ ᠭᠠᠷᠭᠠᠪᠠ᠃      ᠰᠢ ᠶᠢᠨ ᠫᠢᠩ᠂ ᠰᠠᠭᠤᠷᠢᠨ ᠤ ᠡᠭᠦᠷᠭᠡᠯᠡᠭᠰᠡᠨ ᠡᠯ᠎ᠡ ᠵᠦᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠡᠷᠬᠡᠪᠰᠢ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ︽ᠬᠤᠶᠠᠷ ᠪᠥᠮᠪᠦᠭᠡ ᠨᠢᠭᠡ ᠤᠳᠤᠨ︾ ᠤ ᠵᠣᠷᠢᠭ ᠰᠠᠨᠠᠭ᠎ᠠ᠂ ᠰᠠᠨᠰᠠᠷ ᠤᠨ ᠠᠶᠠᠯᠠᠯ ᠤᠨ ᠬᠢᠨᠠᠨ ᠡᠵᠡᠮᠳᠡᠬᠦ ᠵᠣᠷᠢᠭ ᠰᠠᠨᠠᠭ᠎ᠠ ᠶᠢ ᠰᠠᠶᠢᠲᠤᠷ ᠪᠠᠳᠠᠷᠠᠭᠤᠯᠵᠤ᠂ ᠳᠠᠷᠤᠭ᠎ᠠ ᠪᠠᠶᠢᠯᠳᠤᠭᠴᠢᠳ ᠤᠨ ᠨᠠᠮ ᠤᠨ ᠵᠢᠯᠤᠭᠤᠳᠤᠯᠭ᠎ᠠ ᠶᠢ ᠳᠠᠭᠠᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠬᠢᠵᠢᠬᠦᠯᠵᠤ᠂ ᠴᠡᠷᠢᠭ ᠠᠩᠬᠢ ᠶᠢᠨ ᠠᠷᠢᠭᠤᠨ ᠴᠢᠬᠡᠴᠢ ᠪᠠᠬᠢᠵᠢᠯ ᠪᠠ ᠳᠡᠭᠡᠳᠦ ᠬᠡᠮᠵᠢᠶᠡᠨ ᠤ ᠲᠥᠪᠯᠡᠷᠡᠩᠬᠦᠢ ᠨᠢᠭᠡᠳᠦᠯ ᠢ ᠪᠠᠲᠤᠯᠠᠬᠤ ᠬᠡᠷᠡᠭᠲᠡᠢ᠃ ᠴᠢᠳᠠᠪᠤᠷᠢᠲᠠᠨ ᠤ ᠠᠵᠢᠯ ᠢ ᠬᠠᠨᠳᠤᠯᠭ᠎ᠠ ᠲᠠᠢ ᠪᠠᠷ ᠰᠠᠶᠢᠲᠤᠷ ᠬᠢᠵᠦ᠂ ᠴᠢᠳᠠᠪᠤᠷᠢᠲᠠᠨ ᠤ ᠲᠤᠯᠭᠠᠭᠤᠷᠢᠯᠠᠯ ᠢ ᠪᠠᠲᠤᠳᠬᠠᠬᠤ ᠬᠡᠷᠡᠭᠲᠡᠢ᠃ ᠦᠨᠳᠦᠰᠦᠨ ᠱᠠᠳᠤ ᠶᠢ ᠴᠢᠩᠭ᠎ᠠ ᠠᠳᠬᠤᠨ ᠰᠠᠭᠤᠷᠢ ᠶᠢ ᠴᠤᠬᠴᠠᠯᠠᠵᠤ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠳᠠᠷᠤᠭ᠎ᠠ ᠪᠠᠶᠢᠯᠳᠤᠭᠴᠢᠳ ᠤᠨ ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ᠂ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠭᠦᠢᠴᠡᠳ ᠲᠠᠶᠢᠴᠢᠯᠠᠵᠦ᠂ ᠰᠠᠭᠤᠷᠢᠨ ᠤ ᠪᠦᠳᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠳᠠᠰᠤᠷᠠᠯᠳᠠ ᠦᠬᠡᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢᠦᠢ ᠴᠢ ᠯᠢᠶᠠᠩ ᠨᠠᠷ ᠠᠵᠢᠯᠯᠠᠭ᠎ᠠ ᠳᠤ ᠤᠷᠤᠯᠴᠠᠵᠠᠢ᠃ 
ᠢᠷᠡᠯᠲᠡ᠄ ᠦᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ