ᠰᠢᠨ᠎ᠡ ᠡᠭᠦᠯᠳᠡᠷ ᠤᠨ ᠯᠠᠵᠤᠤ ᠡᠯᠪᠡᠭ ᠬᠤᠷᠢᠶᠠᠯᠲᠠ ᠤᠯᠪᠠ
ᠨᠡᠶᠢᠲᠡᠯᠡᠭᠰᠡᠨ ᠴᠠᠭ᠄
2021/9/2
20210902-2.jpg
      8 ᠳ᠋ᠤᠭᠠᠷ ᠰᠠᠷ᠎ᠠ ᠶᠢᠨ 30 ᠤ ᠡᠳᠦᠷ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠡᠭᠦᠯᠳᠡᠷ ᠣᠷᠣᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ᠂ ᠠᠵᠢᠯᠲᠠᠳ ᠰᠢᠨ᠎ᠡ ᠡᠭᠦᠯᠳᠡᠷ ᠤᠨ ᠯᠠᠵᠤᠤ ᠬᠤᠷᠢᠶᠠᠵᠤ ᠪᠠᠶᠢᠭ᠎ᠠ ᠨᠢ᠃ ᠣᠶᠢᠷ᠎ᠠ ᠳᠤ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ ᠨᠣᠭᠤᠭ᠎ᠠ ᠴᠡᠴᠡᠭ ᠬᠤᠸᠠᠷ ᠰᠤᠳᠤᠯᠬᠤ ᠭᠠᠵᠠᠷ ᠠᠴᠠ ᠣᠷᠣᠭᠤᠯᠤᠨ ᠳᠠᠷᠢᠭᠰᠠᠨ 8 ᠰᠢᠨ᠎ᠡ ᠲᠥᠷᠥᠯ ᠵᠦᠢᠯ ᠤᠨ ᠯᠠᠵᠤᠤ ᠡᠯᠪᠡᠭ ᠬᠤᠷᠢᠶᠠᠯᠲᠠ ᠤᠯᠪᠠ᠃ ᠰᠢᠨ᠎ᠡ ᠡᠭᠦᠯᠳᠡᠷ ᠤᠨ ᠯᠠᠵᠤᠤ  ᠨᠢ ᠠᠮᠳᠠᠳᠠᠢ᠂ ᠭᠠᠷᠤᠯᠲᠠ ᠰᠠᠶᠢᠨ᠂ ᠡᠪᠡᠳᠴᠢᠨ ᠬᠤᠷᠣᠬᠠᠢ ᠶᠢᠨ ᠬᠥᠨᠥᠭᠡᠯ ᠢ ᠡᠰᠡᠷᠭᠦᠴᠡᠬᠦ ᠴᠢᠳᠠᠪᠤᠷᠢ ᠪᠠᠷ ᠴᠢᠩᠭ᠎ᠠ ᠪᠠᠶᠢᠳᠠᠭ᠂ ᠢᠷᠡᠭᠡᠳᠦᠢ ᠳᠤ ᠶᠡᠭᠡ ᠬᠡᠪᠴᠢᠶ᠎ᠡ ᠪᠠᠷ ᠳᠡᠯᠭᠡᠷᠡᠭᠦᠯᠦᠨ ᠲᠠᠷᠢᠵᠤ᠂ ᠢᠳᠡᠰᠢᠨ ᠨᠣᠭᠤᠭ᠎ᠠ ᠶᠢᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠳᠤ ᠲᠤᠰᠠᠯᠠᠨ᠎ᠠ᠃  ︵ᠸᠠᠩ ᠵᠧᠩ ᠰᠡᠭᠦᠳᠡᠷᠯᠡᠪᠡ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ