ᠰᠢᠨ᠎ᠡ ᠪᠠᠷ ᠠᠵᠢᠯ ᠳᠤ ᠤᠷᠤᠭᠰᠠᠨ ᠪᠠᠭᠰᠢ ᠨᠠᠷ ᠲᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ︽ᠪᠠᠭᠰᠢ ᠶᠢᠨ ᠮᠣᠷᠠᠯ ᠰᠤᠷᠲᠠᠯ ᠤᠨ ᠰᠤᠷᠤᠯᠴᠠᠯᠭ᠎ᠠ︾ ᠶᠢᠨ ᠪᠣᠯᠪᠠᠰᠤᠷᠠᠭᠤᠯᠤᠯ ᠬᠦᠷᠲᠡᠭᠡᠯ᠎ᠡ
ᠨᠡᠶᠢᠲᠡᠯᠡᠭᠰᠡᠨ ᠴᠠᠭ᠄
2021/9/2
20210902-1.jpg
      8 ᠳ᠋ᠤᠭᠠᠷ ᠰᠠᠷ᠎ᠠ ᠶᠢᠨ 31 ᠤ ᠡᠳᠦᠷ᠂ ᠰᠠᠶᠢᠬᠠᠨ ᠲᠣᠭᠤᠷᠢᠭ ᠤᠨ ᠵᠢᠨᠴᠢᠶᠤᠤ ᠪᠠᠭ᠎ᠠ ᠰᠤᠷᠭᠠᠭᠤᠯᠢ ᠰᠢᠨ᠎ᠡ ᠪᠠᠷ ᠠᠵᠢᠯ ᠳᠤ ᠤᠷᠤᠭᠰᠠᠨ ᠪᠠᠭᠰᠢ ᠨᠠᠷ ᠲᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ︽ᠪᠠᠭᠰᠢ ᠶᠢᠨ ᠮᠣᠷᠠᠯ ᠰᠤᠷᠲᠠᠯ ᠤᠨ ᠰᠤᠷᠤᠯᠴᠠᠯᠭ᠎ᠠ︾ ᠶᠢᠨ ᠪᠣᠯᠪᠠᠰᠤᠷᠠᠭᠤᠯᠤᠯ ᠬᠦᠷᠳᠡᠭᠡᠪᠡ᠃      ᠣᠶᠢᠯᠠᠭᠠᠭᠰᠠᠨ ᠢᠶᠠᠷ᠂ ᠲᠦᠷᠦᠭᠦᠬᠡᠨ᠂ ᠰᠤᠷᠭᠠᠨ ᠬᠥᠮᠦᠵᠢᠯ ᠤᠨ ᠶᠠᠮᠤᠨ ᠵᠡᠷᠭᠡ ᠲᠤᠯᠤᠭᠠᠨ ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠰᠢᠨ᠎ᠡ ᠴᠠᠭ ᠦᠶ᠎ᠡ ᠶᠢᠨ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ᠢ ᠦᠨᠳᠦᠰᠦᠯᠡᠨ᠂ ᠪᠠᠭᠰᠢ ᠶᠢᠨ ᠮᠣᠷᠠᠯ ᠲᠥᠪ ᠪᠤᠰᠤ᠂ ᠦᠢᠯᠡ ᠠᠵᠢᠯᠯᠠᠭ᠎ᠠ ᠨᠢ ᠵᠢᠷᠤᠮᠵᠢᠯ ᠢᠶᠠᠨ ᠠᠯᠳᠠᠭᠰᠠᠨ ᠰᠤᠷᠭᠠᠨ ᠬᠥᠮᠦᠵᠢᠯ ᠤᠨ ᠦᠢᠯᠡ ᠠᠵᠢᠯᠯᠠᠭ᠎ᠠ ᠶᠢ ᠰᠡᠷᠡᠮᠵᠢᠯᠡᠭᠦᠯᠦᠨ ᠵᠠᠯᠠᠷᠠᠭᠤᠯᠵᠤ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠪᠥᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠳᠤ ᠪᠠᠭᠰᠢ ᠶᠢᠨ ᠮᠣᠷᠠᠯ ᠰᠤᠷᠲᠠᠯ ᠤᠨ ᠲᠤᠰᠬᠠᠶ ᠵᠠᠰᠠᠯᠲᠠ ᠶᠢᠨ ᠠᠵᠢᠯ ᠢ ᠥᠷᠨᠢᠭᠦᠯᠪᠡ᠃ ᠲᠣᠰ ᠤᠳᠠᠭᠠᠨ ᠤ ᠲᠤᠰᠬᠠᠶ ᠵᠠᠰᠠᠯᠲᠠ ᠶᠢᠨ ᠠᠵᠢᠯ ᠢ 9 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ ᠥᠷᠨᠢᠭᠦᠯᠵᠦ᠂ ᠳᠠᠶᠢᠴᠢᠯᠠᠨ ᠰᠤᠷᠤᠯᠴᠠᠬᠤ᠂ ᠥᠪᠡᠷ ᠢ ᠢᠶᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ᠂ ᠪᠠᠬᠢᠵᠢᠭᠦᠯᠦᠨ ᠳᠡᠭᠡᠭᠰᠢᠯᠡᠭᠦᠯᠬᠦ᠂ ᠳ᠋ᠦᠩᠨᠡᠨ ᠳᠡᠯᠭᠡᠷᠡᠭᠦᠯᠬᠦ ᠳᠥᠷᠪᠡᠨ ᠱᠠᠲᠤ ᠬᠤᠪᠢᠶᠠᠵᠤ ᠶᠠᠪᠤᠭᠳᠠᠭᠤᠯᠤᠨ᠎ᠠ᠃ ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ