ᠬᠥᠬᠡᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠬᠤᠢ ᠲᠠᠯᠠᠪᠠᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/22
ᠾᠧ ᠬᠠᠢ ᠳ᠋ᠦᠩ ᠼᠤᠤ ᠰᠧ ᠶᠠᠩ ᠣᠷᠣᠯᠴᠠᠵᠠᠢ       ︵ᠰᠤᠷᠪᠤᠯᠵᠢᠯᠠᠭᠴᠢ ᠹᠧᠩ ᠶᠠᠨ ᠫᠢᠩ  ᠯᠢ ᠬᠠᠶ ᠵᠧᠨ︶ 9 ᠳ᠋ᠦ᠋ᠭᠡᠷ ᠰᠠᠷ᠎ᠠ ᠶᠢᠨ 18 ᠤ ᠡᠳᠦᠷ᠂ ᠬᠥᠬᠡᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠬᠤᠢ ᠲᠠᠯᠠᠪᠠᠢ ᠶᠢᠨ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠥᠪᠥᠷ‌ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠲᠤᠬᠠᠶ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠷᠰᠢᠯᠭ᠎ᠠ ᠪᠠᠨ ᠤᠯᠠᠮ ᠨᠢᠭᠡ ᠠᠯᠬᠤᠮ ᠳ᠋ᠦᠩᠨᠡᠨ᠂ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠮᠠᠨ ᠤ ᠬᠤᠲᠠ ᠶᠢᠨ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠥᠬᠦ ᠬᠦᠴᠦᠨ ᠢᠶᠠᠷ ᠢᠶᠠᠨ ᠤᠷᠤᠭᠰᠢ ᠠᠬᠢᠭᠤᠯᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠾᠧ ᠬᠠᠶ ᠳ᠋ᠦᠩ ᠬᠤᠷᠠᠯ ᠳᠤ ᠣᠷᠣᠯᠴᠠᠭᠰᠠᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠶ᠃       ᠬᠤᠷᠠᠯ ᠳᠤ ᠣᠷᠣᠯᠴᠠᠭᠰᠠᠳ ᠲᠦᠮᠡᠳ ᠵᠡᠭᠦᠨ ᠬᠤᠰᠢᠭᠤᠨ ᠤ ᠪᠢᠴᠢᠭᠡᠴᠢ ᠪᠠᠯᠭᠠᠰᠤᠨ ᠤ ᠶᠠᠩ ᠵᠢᠶᠠ ᠪᠦᠦ ᠲᠣᠰᠬᠤᠨ ᠤ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ  ᠡᠷᠦᠭᠡ ᠶᠢᠨ ᠵᠣᠷᠯᠣᠩ ᠢ ᠥᠭᠡᠷᠡᠴᠢᠯᠡᠬᠦ ᠲᠥᠷᠥᠯ ᠵᠦᠢᠯ ᠂ ᠲᠣᠭᠲᠠᠬᠤ ᠰᠢᠶᠠᠨ ᠤ ᠬᠤᠤ ᠵᠢᠶᠠ ᠶᠣᠣ ᠲᠣᠰᠬᠤᠨ ᠤ ᠨᠠᠮ ᠤᠨ ᠪᠠᠶᠢᠭᠤᠯᠤᠯᠲᠠ ᠪᠠᠷ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠥᠲᠥᠯᠥᠨ ᠵᠢᠯᠣᠭᠤᠳᠬᠤ ᠵᠢᠴᠢ ᠬᠦᠷᠢᠶ᠎ᠡ ᠬᠠᠰᠢᠶᠠᠨ ᠤ ᠠᠵᠤ ᠠᠬᠤᠢ ᠪᠣᠯᠤᠨ ᠪᠦᠬᠦ ᠬᠤᠳᠠ ᠶᠢᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠪᠡᠯᠭᠡᠯᠡᠬᠦ ᠠᠵᠢᠯᠯᠠᠭ᠎ᠠ᠂ ᠬᠥᠬᠡᠬᠤᠲᠠ ᠶᠢᠨ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠬᠤᠷᠢᠨᠭᠡᠷ ᠰᠢᠶᠠᠨ ᠤ ᠱᠧᠩ ᠯᠧ ᠪᠠᠯᠭᠠᠰᠤ ᠶᠢᠨ ᠬᠠᠷᠠᠴᠢᠨ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠰᠢᠨ᠎ᠡ ᠬᠤᠳᠠ ᠲᠣᠭᠤᠷᠢᠭ ᠤᠨ ᠵᠠᠯᠠᠨ ᠪᠠᠶᠢᠰᠢᠩ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠃      ᠲᠣᠭᠤᠷᠢᠨ ᠦᠵᠡᠭᠰᠡᠨ ᠤ ᠳᠠᠷᠠᠭᠠᠬᠢ ᠦᠨᠡᠯᠡᠯᠲᠡ ᠶᠢᠨ ᠬᠤᠷᠠᠯ ᠳᠡᠭᠡᠷ᠎ᠡ᠂ ᠡᡁᠧ ᠬᠠᠢ ᠳ᠋ᠦᠩ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠤᠭᠰᠠᠨ ᠤ ᠳᠠᠷᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠂ ᠡᠨᠡ ᠪᠣᠯ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠭᠤᠣᠯᠳᠠᠯᠭ᠎ᠠ ᠶᠢᠨ ᠲᠡᠦᠬᠡᠲᠦ ᠴᠢᠨᠠᠷᠲᠠᠢ ᠰᠢᠯᠵᠢᠯᠲᠡ ᠪᠣᠯᠤᠨ᠎ᠠ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠠᠯᠲᠠ᠂ ᠠᠷᠭ᠎ᠠ ᠵᠠᠮ᠂ ᠠᠵᠢᠯ ᠤᠨ ᠠᠶᠢᠵᠠᠮ ᠢ ᠡᠵᠡᠮᠰᠢᠨ᠂ ᠣᠷᠣᠨ ᠤ ᠲᠥᠪ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠠᠪᠠᠭᠤᠯᠢᠭ᠂ ᠨᠥᠬᠦᠴᠡᠯ ᠵᠡᠷᠭᠡ ᠶᠢ ᠠᠳᠬᠤᠵᠤ᠂ ᠣᠷᠣᠨ ᠤ ᠲᠥᠪ ᠬᠤᠲᠠ ᠶᠢᠨ ᠬᠥᠳᠡᠭᠡ ᠲᠣᠰᠬᠤᠨ ᠤ ᠪᠦᠬᠦ ᠲᠠᠯ᠎ᠠ ᠪᠠᠷ ᠬᠥᠭᠵᠢᠨ ᠮᠠᠨᠳᠤᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠡᠢ᠃      ᠾᠧ ᠬᠠᠶ ᠳ᠋ᠦᠩ ᠵᠢᠭᠠᠵᠤ ᠭᠠᠷᠭᠠᠭᠰᠠᠨ ᠨᠢ᠂ ︽ᠠᠵᠢᠯ ᠢ ᠵᠣᠯᠭᠠᠭᠤᠯᠬᠤ︾᠂ ︽ᠲᠦᠷᠦ ᠶᠢᠨ ᠪᠤᠳᠤᠯᠭ᠎ᠠ ᠶᠢ ᠵᠣᠯᠭᠠᠭᠤᠯᠬᠤ︾᠂ ︽ᠡᠩᠨᠡᠭᠡ ᠶᠢ ᠵᠣᠯᠭᠠᠭᠤᠯᠬᠤ︾ ᠵᠡᠷᠭᠡ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠰᠠᠶᠢᠲᠤᠷ ᠵᠣᠯᠭᠠᠭᠤᠯᠵᠤ᠂ ᠲᠤᠯᠭᠠᠭᠤᠷᠢ ᠬᠥᠲᠥᠴᠢ ᠠᠵᠤ ᠠᠬᠤᠶᠢᠯᠠᠯ ᠢᠶᠠᠷ ᠬᠥᠲᠥᠯᠥᠨ ᠳᠠᠭᠠᠭᠤᠯᠵᠤ᠂  ᠤᠯᠠᠨ ︽ᠪᠠᠭ᠎ᠠ ᠮᠥᠷᠲᠡᠭᠡᠨ ᠪᠦᠷᠢᠨ᠂ ᠪᠠᠭ᠎ᠠ ᠮᠥᠷᠲᠡᠭᠡᠨ ᠨᠠᠷᠢᠯᠢᠭ᠂ ᠪᠠᠭ᠎ᠠ ᠮᠥᠷᠲᠡᠭᠡᠨ ᠣᠨᠴᠠᠭᠠᠢ︾ ᠲᠦᠷᠦᠯ ᠵᠦᠢᠯ ᠢᠶᠠᠷ ᠳᠠᠶᠢᠴᠢᠯᠠᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠨ ᠠᠬᠢᠭᠤᠯᠵᠤ᠂ ᠨᠡᠩ ᠤᠯᠠᠨ ᠲᠠᠷᠢᠶᠠᠴᠢᠨ ᠳᠤ ᠤᠢᠢᠷ᠎ᠠ ᠬᠠᠪᠢ ᠳᠤᠨᠢ ᠠᠵᠢᠯ ᠣᠯᠭᠤᠵᠤ᠂ ᠲᠤᠬᠠᠢ ᠶᠢᠨ ᠭᠠᠵᠠᠷ ᠲᠤᠨᠢ ᠪᠠᠶᠠᠵᠢᠭᠤᠯᠬᠤ ᠬᠡᠷᠡᠭᠲᠡᠢ᠃ ︽ᠶᠠᠭᠤ ᠳᠤᠲᠠᠭᠳᠠᠪᠠᠯ ᠶᠠᠭᠤ ᠶᠢ ᠨᠥᠬᠦᠪᠥᠷᠢᠯᠡᠬᠦ︾ ᠵᠠᠷᠴᠢᠮ ᠶᠣᠰᠣᠭᠠᠷ᠂ ᠰᠠᠭᠤᠷᠢ ᠲᠥᠬᠦᠭᠡᠷᠦᠮᠵᠢ ᠶᠢ ᠪᠠᠬᠢᠵᠢᠭᠦᠯᠵᠦ᠂ ︽ᠬᠥᠮᠦᠨ︾᠂ ︽ᠲᠠᠪᠴᠠᠩ︾᠂ ︽ᠲᠦᠷᠢᠮ︾ ᠢᠶᠠᠷ ᠳᠠᠮᠵᠢᠨ ᠬᠠᠮᠲᠤᠪᠠᠷ ᠬᠦᠴᠦᠯᠡᠵᠦ᠂ ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠬᠤ ᠬᠡᠷᠡᠭᠲᠡᠢ᠃ ᠴᠢᠳᠠᠪᠤᠷᠢᠲᠠᠨ᠂ ᠪᠡᠯᠡ ᠮᠥᠩᠭᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠰᠠᠶᠢᠲᠤᠷ ᠬᠢᠵᠦ᠂ ᠤᠷᠢᠳᠠᠪᠠᠷ ᠲᠤᠷᠰᠢᠯᠲᠠ ᠬᠢᠵᠦ᠂ ᠴᠡᠭ ᠢᠶᠠᠷ ᠨᠡᠶᠢᠳᠡᠮ ᠢ ᠳᠠᠶᠢᠴᠢᠯᠠᠵᠤ᠂ ᠠᠯᠬᠤᠮ ᠠᠯᠬᠤᠮ ᠢᠶᠠᠷ ᠳᠡᠯᠭᠡᠷᠡᠭᠦᠯᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠡᠯ᠎ᠡ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠦᠨᠡᠨᠬᠦ ᠴᠢᠩᠭ᠎ᠠ ᠠᠳᠬᠤᠨ ᠪᠣᠳᠠᠲᠠᠢ ᠠᠳᠬᠤᠨ ᠦᠷ᠎ᠡ ᠪᠦᠲᠦᠮᠵᠢ ᠭᠠᠷᠭᠠᠵᠤ᠂ ᠰᠢᠨ᠎ᠡ ᠴᠠᠭ ᠦᠶ᠎ᠡ ᠶᠢᠨ ᠲᠥᠪ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠬᠡᠷᠡᠭᠲᠡᠢ ᠭᠡᠵᠡᠢ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠤᠤ ᠰᠧ ᠶᠠᠩ ᠦᠨᠡᠯᠡᠯᠲᠡ ᠶᠢᠨ ᠶᠠᠷᠢᠶ᠎ᠠ ᠲᠠᠯᠪᠢᠪᠠ᠃       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠶᠡᠷᠦᠩᠬᠡᠶ ᠠᠵᠤ ᠠᠬᠤᠶᠢᠴᠢ ᠶᠠᠩ ᠴᠠᠩ ᠴᠦᠨ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠦᠨ ᠯᠢ ᠶᠠᠨ ᠤᠷᠢᠯᠭ᠎ᠠ ᠪᠠᠷ ᠠᠬᠤᠢ ᠲᠠᠯᠠᠪᠠᠢ ᠶᠢᠨ ᠬᠤᠷᠠᠯ ᠳᠤ ᠣᠷᠣᠯᠴᠠᠪᠠ᠃       ᠬᠤᠲᠠ ᠶᠢᠨ ᠤᠳᠤᠷᠢᠳᠤᠯᠭ᠎ᠠ ᠱᠠᠩ ᠵᠢᠩ ᠮᠢᠨ᠂ ᠲᠠᠩ ᠶᠦᠩ᠂ ᠰᠢᠤᠢ ᠱᠸᠤ ᠵᠢᠶ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠥᠩ ᠳ᠋ᠦᠩ ᠵᠢᠴᠢ ᠡᠯ᠎ᠡ ᠬᠠᠮᠢᠶ᠎ᠠ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ