ᠮᠠᠨ ᠤ ᠬᠤᠲᠠ ︽12393︾  ᠦᠢᠯᠡᠴᠢᠯᠡᠭᠡᠨ ᠤ ᠰᠢᠰᠲ᠋ᠧᠮ ᠢ ᠡᠬᠢᠯᠡᠨ ᠬᠡᠷᠡᠭᠯᠡᠵᠦ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2021/9/22
       ︵ᠰᠤᠷᠪᠤᠯᠵᠢᠯᠠᠭᠴᠢ ᠯᠢᠶᠠᠩ ᠵᠢᠩ ᠱᠤ᠋︶ ᠣᠶᠢᠷ᠎ᠠ ᠳᠤ᠂ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠢᠨ ᠡᠮᠴᠢᠯᠡᠭᠡ ᠶᠢᠨ ᠪᠠᠲᠤᠯᠠᠭ᠎ᠠ ᠶᠢᠨ ᠠᠷᠠᠳ ᠲᠤ ᠦᠢᠯᠡᠴᠢᠯᠡᠬᠦ ᠦᠢᠯᠡᠴᠢᠯᠡᠭᠡᠨ ᠤ  ︽12393︾ ᠬᠠᠯᠠᠮᠰᠢᠯ ᠤᠲᠠᠰᠤ ᠳᠤ ᠪᠦᠬᠦ ᠠᠷᠭ᠎ᠠ ᠵᠠᠮ ᠤᠨ ᠣᠶᠣᠨᠲᠣ ᠦᠢᠯᠡᠴᠢᠯᠡᠭᠡᠨ ᠤ ᠰᠢᠰᠲ᠋ᠧᠮ ᠢ  ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠬᠢᠭᠡᠳ ᠡᠮᠴᠢᠯᠡᠭᠡ ᠶᠢᠨ ᠳᠠᠭᠠᠳᠬᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠭᠤᠰᠤᠯᠴᠠᠯ ᠢ ᠳᠥᠯᠭᠢᠨ ᠠᠬᠢᠭᠤᠯᠵᠤ᠂ ᠡᠮᠴᠢᠯᠡᠭᠡ ᠶᠢᠨ ᠳᠠᠭᠠᠳᠬᠠᠯ ᠤᠨ ᠯᠠᠪᠯᠠᠯᠭ᠎ᠠ ᠶᠢᠨ ᠦᠢᠯᠡᠴᠢᠯᠡᠭᠡ ᠪᠠ ᠤᠴᠢᠷ ᠶᠠᠪᠤᠳᠠᠯ ᠭᠠᠷᠲᠠᠨ ᠬᠦᠢᠴᠡᠳᠭᠡᠬᠦ ᠰᠢᠨ᠎ᠡ ᠶᠢ ᠡᠭᠦᠳᠬᠦ ᠰᠢᠪᠲᠤᠯᠤᠯᠲᠠ ᠶᠢ ᠪᠡᠶᠡᠯᠡᠭᠦᠯᠦᠨ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠪᠠᠷ ᠵᠣᠷᠢᠯᠭ᠎ᠠ ᠪᠠᠨ ᠪᠣᠯᠭᠠᠵᠠᠢ᠃     ︽12393︾ ᠤᠶᠤᠨᠲᠤ ᠦᠢᠯᠡᠴᠢᠯᠡᠭᠡᠨ ᠤ ᠰᠢᠰᠲ᠋ᠧᠮ ᠨᠢ ᠣᠶᠣᠨ ᠢᠶᠠᠷ ᠭᠤᠣᠯ ᠪᠣᠯᠭᠠᠵᠤ᠂ ᠬᠥᠮᠦᠨ ᠤ ᠬᠦᠴᠦᠨ ᠤ ᠦᠢᠯᠡᠴᠢᠯᠡᠭᠡ ᠪᠠᠷ ᠬᠠᠪᠰᠤᠷᠤᠮᠵᠢ ᠪᠣᠯᠭᠠᠵᠤ᠂ ᠣᠶᠣᠨ ᠪᠠ ᠬᠥᠮᠦᠨ ᠤ ᠬᠦᠴᠦ ᠬᠠᠮᠵᠢᠯᠴᠠᠭᠰᠠᠨ ᠪᠥᠬᠦ ᠠᠷᠭ᠎ᠠ ᠵᠠᠮ ᠤᠨ ᠤᠶᠤᠨᠴᠢᠯᠠᠭᠰᠠᠨ ᠬᠡᠷᠡᠭᠯᠡᠭᠴᠢᠳ ᠤᠨ ᠦᠢᠯᠡᠴᠢᠯᠡᠭᠡᠨ ᠤ ᠰᠢᠰᠲ᠋ᠧᠮᠵᠢ ᠪᠣᠯᠵᠤ᠂ ᠡᠮᠴᠢᠯᠡᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠮᠡᠳᠡᠯᠭᠡ ᠶᠢᠨ ᠨᠢᠭᠡᠳᠦᠯᠲᠡᠶ ᠪᠠᠶᠢᠭᠤᠯᠤᠯᠲᠠ ᠶᠢ ᠪᠡᠶᠡᠯᠡᠭᠦᠯᠬᠦ ᠪᠠᠷ ᠳᠠᠮᠵᠢᠭᠤᠯᠤᠨ᠂ ᠡᠯ᠎ᠡ ᠠᠷᠭ᠎ᠠ ᠵᠠᠮ ᠢᠶᠠᠷ ᠤᠶᠤᠨᠴᠢᠯᠠᠭᠰᠠᠨ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠵᠢᠴᠢ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠴᠠᠭ ᠬᠤᠭᠤᠴᠠᠭ᠎ᠠ᠂ ᠭᠠᠵᠠᠷ ᠣᠷᠣᠨ ᠢ ᠬᠢᠵᠠᠭᠠᠷ ᠢ ᠬᠦᠯᠢᠶᠡᠬᠦ ᠦᠭᠡᠢ ᠦᠢᠯᠡᠴᠢᠯᠡᠭᠡᠨ ᠤ ᠵᠠᠭᠪᠤᠷ ᠢᠶᠠᠷ ᠣᠯᠠᠨ ᠲᠦᠮᠡᠨ ᠤ ᠠᠰᠠᠭᠤᠳᠠᠯ ᠳᠤ ᠲᠦᠷᠭᠡᠨ ᠲᠤᠰᠬᠠᠯ ᠭᠠᠷᠭᠠᠵᠤ᠂ ︽ᠠᠷᠠᠳ ᠤᠨ ᠬᠦᠰᠡᠯ ᠱᠠᠭᠠᠷᠳᠠᠯᠭ᠎ᠠ ᠪᠦᠬᠦᠨ ᠳᠤ ᠬᠠᠷᠢᠭᠤ ᠥᠭᠬᠦ︾ ᠶᠢ ᠪᠡᠶᠡᠯᠡᠭᠦᠯᠪᠡ᠃ ︽12393︾ ᠤᠶᠤᠨᠲᠤ ᠦᠢᠯᠡᠴᠢᠯᠡᠭᠡᠨ ᠤ ᠰᠢᠰᠲ᠋ᠧᠮ ᠨᠢ ᠤᠲᠠᠰᠤᠨ ᠤ ᠦᠵᠦᠭᠦᠷ᠂ ︽ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︾ ᠶᠢᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠪᠠ ᠠᠯᠪᠠᠨ ᠰᠦᠯᠵᠢᠶ᠎ᠡ ᠵᠡᠷᠭᠡ ᠪᠥᠬᠦ ᠦᠢᠯᠡᠴᠢᠯᠡᠭᠡᠨ ᠤ ᠠᠷᠭ᠎ᠠ ᠵᠠᠮ ᠢ ᠪᠥᠬᠦ ᠲᠠᠯ᠎ᠠ ᠪᠠᠷ ᠬᠠᠮᠤᠷᠴᠤ᠂ ᠤᠲᠠᠰᠤᠨ ᠤ ᠦᠵᠦᠭᠦᠷ ᠤᠨ ᠤᠶᠤᠨᠲᠤ ᠦᠢᠯᠡᠴᠢᠯᠡᠭᠡᠨ ᠤ ᠰᠢᠰᠲ᠋ᠧᠮ ᠵᠢᠴᠢ ᠬᠥᠮᠦᠨ ᠤ ᠬᠦᠴᠦᠨ ᠤ ᠰᠠᠭᠤᠳᠠᠯ ᠤᠨ ᠰᠢᠰᠲ᠋ᠧᠮ᠂ ᠢᠨᠲ᠋ᠧᠷ ᠰᠦᠯᠵᠢᠶᠡᠨ ᠤ ᠦᠵᠦᠭᠦᠷ ᠤᠨ ᠤᠶᠤᠨᠲᠤ ᠮᠠᠰᠢᠨ ᠬᠥᠮᠦᠨ ᠤ ᠦᠢᠯᠡᠴᠢᠯᠡᠭᠡᠨ ᠤ ᠰᠢᠰᠲ᠋ᠧᠮ ᠵᠢᠴᠢ ᠬᠥᠮᠦᠨ ᠤ ᠬᠦᠴᠦᠨ ᠤ ᠦᠢᠯᠡᠴᠢᠯᠡᠭᠡᠨ ᠤ ᠰᠢᠰᠲ᠋ᠧᠮ ᠢ ᠨᠢᠭᠲᠠ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷᠡᠭᠯᠡᠭᠴᠢᠳ ᠲᠤ 24 ᠴᠠᠭ ᠤᠨ ᠰᠦᠯᠵᠢᠶᠡᠨ ᠳᠡᠭᠡᠷᠡᠬᠢ ᠯᠠᠪᠯᠠᠯᠲᠠ ᠶᠢᠨ ᠦᠢᠯᠡᠴᠢᠯᠡᠭᠡ ᠬᠠᠩᠭᠠᠬᠤ ᠪᠣᠯᠪᠠ᠃      ᠮᠡᠳᠡᠯᠭᠡ ᠶᠢ ᠤᠶᠤᠨᠴᠢᠯᠠᠨ ᠰᠢᠢᠳᠪᠦᠷᠢᠯᠡᠬᠦ ᠪᠠᠷ ᠳᠠᠮᠵᠢᠭᠤᠯᠤᠨ᠂ ᠡᠮᠴᠢᠯᠡᠭᠡ ᠶᠢᠨ ᠳᠠᠭᠠᠳᠬᠠᠯ ᠤᠨ ᠮᠡᠳᠡᠯᠭᠡ ᠶᠢᠨ ᠬᠥᠮᠥᠷᠭᠡ ᠶᠢᠨ ᠪᠠᠶᠢᠭᠤᠯᠤᠯᠲᠠ ᠶᠢ ᠠᠬᠢᠭᠤᠯᠵᠤ᠂ ︽12393︾ ᠤᠶᠤᠨᠲᠤ ᠦᠢᠯᠡᠴᠢᠯᠡᠭᠡᠨ ᠤ ᠰᠢᠰᠲ᠋ᠧᠮ ᠤᠨ ᠡᠮᠴᠢᠯᠡᠭᠡ ᠶᠢᠨ ᠳᠠᠭᠠᠳᠬᠠᠯ ᠤᠨ ᠮᠡᠳᠡᠯᠭᠡ ᠶᠢᠨ ᠤᠶᠤᠨᠴᠢᠯᠠᠯᠲᠠ ᠶᠢ ᠪᠡᠶᠡᠯᠡᠭᠦᠯᠵᠦ᠂ ᠡᠯ᠎ᠡ ᠲᠥᠷᠥᠯ ᠤᠨ ᠠᠬᠤᠶ ᠪᠠᠶᠢᠳᠠᠯ ᠢ ᠤᠶᠤᠨᠴᠢᠯᠠᠨ ᠬᠡᠷᠡᠭᠯᠡᠬᠦ ᠳᠤ ᠲᠥᠬᠦᠮ ᠦᠵᠡᠭᠦᠯᠵᠦ᠂ ᠡᠯ᠎ᠡ ᠲᠥᠷᠥᠯ ᠤᠨ ᠲᠤᠬᠠᠶᠢᠯᠠᠭᠰᠠᠨ ᠠᠵᠢᠯ᠂ ᠣᠯᠠᠨ ᠵᠦᠢᠯ ᠤᠨ ᠠᠷᠭ᠎ᠠ ᠵᠠᠮ ᠤᠨ ᠬᠡᠷᠡᠭᠯᠡᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ ᠡᠭᠦᠨ ᠤ ᠵᠡᠷᠭᠡᠪᠡᠷ᠂ ᠣᠶᠣᠨᠲᠣ ᠦᠢᠯᠡᠴᠢᠯᠡᠭᠡᠨ ᠤ ᠰᠢᠰᠲ᠋ᠧᠮ ᠨᠢ ᠡᠮᠴᠢᠯᠡᠭᠡ ᠶᠢᠨ ᠳᠠᠭᠠᠳᠬᠠᠯ ᠤᠨ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠳᠤ ᠮᠡᠳᠡᠯᠭᠡ ᠣᠯᠭᠤᠵᠤ᠂ ᠡᠮᠴᠢᠯᠡᠭᠡ ᠶᠢᠨ ᠳᠠᠭᠠᠳᠬᠠᠯ ᠤᠨ ᠠᠵᠢᠯᠲᠠᠨ᠂ ᠭᠠᠷᠲᠠᠨ ᠭᠦᠢᠴᠡᠳᠬᠡᠭᠴᠢᠳ ᠡᠮᠴᠢᠯᠡᠭᠡ ᠶᠢᠨ ᠳᠠᠭᠠᠳᠬᠠᠯ ᠤᠨ ᠮᠡᠳᠡᠯᠭᠡ ᠶᠢ ᠴᠠᠭ ᠲᠤᠬᠠᠶ ᠳᠠᠭᠠᠨ᠂ ᠬᠡᠷᠡᠭᠴᠡᠭᠡ ᠱᠠᠭᠠᠷᠳᠠᠯᠭ᠎ᠠ ᠳᠠᠭᠠᠨ ᠨᠡᠶᠢᠴᠡᠭᠦᠯᠦᠨ ᠡᠷᠢᠬᠦ᠂ ᠠᠰᠠᠭᠤᠨ ᠯᠠᠪᠯᠠᠵᠤ᠂ ᠳᠣᠲᠣᠭᠠᠳᠤ ᠶᠢᠨ ᠮᠡᠳᠡᠯᠭᠡ ᠶᠢᠨ ᠠᠰᠢᠭᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠵᠡᠷᠭᠡ ᠳᠤ ᠡᠯ᠎ᠡ ᠲᠤᠬᠠᠶᠢᠯᠠᠭᠰᠠᠨ ᠠᠵᠢᠯ ᠤᠨ ᠬᠡᠰᠡᠭ ᠤᠨ ᠠᠰᠠᠭᠤᠨ ᠯᠠᠪᠯᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ