ᠬᠠᠭᠤᠴᠢᠨ ᠬᠤᠷᠢᠶᠠᠯᠠᠯ ᠤᠨ ᠴᠠᠬᠢᠯᠭᠠᠨ ᠬᠦᠴᠦᠨ ᠢ ᠦᠭᠡᠷᠡᠴᠢᠯᠡᠨ ᠰᠠᠶᠢᠵᠢᠷᠠᠭᠤᠯᠬᠤ ᠤᠯᠠᠨ  ᠲᠦᠮᠡᠨ ᠤ ᠴᠠᠬᠢᠯᠭᠠᠨ ᠬᠡᠷᠡᠭᠯᠡᠬᠦ ᠠᠮᠤᠷ ᠲᠦᠪᠰᠢᠨ ᠢ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2021/9/22
20210922.jpg
      ᠡᠨᠡ ᠵᠢᠯ ᠤᠨ ᠲᠤᠷᠰᠢ᠂ ᠬᠥᠬᠡᠬᠤᠲᠠ ᠶᠢᠨ ᠴᠠᠬᠢᠯᠭᠠᠨ ᠬᠠᠩᠭᠠᠬᠤ ᠲᠣᠪᠴᠢᠶ᠎ᠠ ᠰᠠᠭᠤᠭᠠᠯᠢ ᠠᠷᠠᠳ ᠤᠨ ᠬᠠᠭᠤᠴᠢᠨ ᠬᠤᠷᠢᠶᠠᠯᠠᠯ ᠤᠨ ᠴᠠᠬᠢᠯᠭᠠᠨ ᠬᠦᠴᠦᠳᠡᠯ ᠥᠭᠡᠷᠡᠴᠢᠯᠡᠭᠴᠢ᠂ ᠳᠡᠭᠡᠭᠦᠷ ᠶᠠᠪᠤᠭᠰᠠᠨ ᠤᠲᠠᠰᠤ᠂ ᠬᠡᠮᠵᠢᠯᠲᠡ ᠶᠢᠨ ᠲᠥᠬᠦᠭᠡᠷᠦᠮᠵᠢ ᠶᠢ ᠭᠤᠣᠯᠳᠠᠯᠭ᠎ᠠ ᠲᠠᠢ ᠪᠠᠶᠢᠴᠠᠭᠠᠵᠤ᠂ ᠣᠷᠣᠰᠢᠵᠤ ᠪᠠᠶᠢᠭ᠎ᠠ ᠭᠡᠮ ᠰᠣᠭᠤᠭ ᠢ ᠴᠠᠭ ᠲᠤᠬᠠᠢ ᠳᠤᠨᠢ ᠰᠢᠢᠳᠪᠦᠷᠢᠯᠡᠪᠡ᠃ ᠣᠲᠣ ᠪᠣᠯᠲᠠᠯ᠎ᠠ᠂ ᠨᠡᠶᠢᠲᠡ 103 ᠰᠠᠭᠤᠭᠠᠯᠢ ᠠᠷᠠᠳ ᠤᠨ ᠬᠠᠭᠤᠴᠢᠨ  ᠬᠤᠷᠢᠶᠠᠯᠠᠭ ᠤᠨ  ᠴᠠᠬᠢᠯᠭᠠᠨ ᠬᠦᠴᠦᠳᠡᠯ ᠢ ᠥᠭᠡᠷᠡᠴᠢᠯᠡᠬᠦ ᠠᠵᠢᠯ ᠢ ᠪᠡᠶᠡᠯᠡᠭᠦᠯᠦᠭᠰᠡᠨ ᠪᠠᠶᠢᠨ᠎ᠠ᠃ ᠵᠢᠷᠤᠭ ᠪᠣᠯ ᠢᠦᠢ ᠴᠢᠤᠸᠠᠨ ᠲᠣᠭᠤᠷᠢᠭ ᠤᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠶᠢᠨ ᠠᠵᠢᠯᠲᠠᠳ ᠿᠢ ᠶᠤᠸᠠᠢ ᠰᠢᠩ ᠬᠤᠷᠢᠶᠠᠯᠠᠯ ᠤᠨ ᠬᠡᠰᠡᠭ ᠴᠠᠬᠢᠯᠭᠠᠨ ᠤᠲᠠᠰᠤ᠂ ᠴᠠᠬᠢᠯᠭᠠᠨ ᠤᠲᠠᠰᠤᠨ ᠤ ᠪᠠᠭᠠᠨ᠎ᠠ ᠶᠢ ᠨᠤᠷᠠᠭᠠᠵᠤ᠂ ᠴᠠᠬᠢᠯᠭᠠᠨ ᠤᠲᠠᠰᠤ ᠬᠠᠭᠤᠴᠢᠷᠠᠬᠤ᠂ ᠰᠠᠭᠤᠷᠢ ᠲᠥᠬᠦᠭᠡᠷᠦᠮᠵᠢ ᠬᠠᠭᠤᠴᠢᠷᠠᠬᠤ᠂ ᠴᠠᠬᠢᠯᠭᠠᠨ ᠬᠡᠷᠡᠭᠯᠡᠬᠦ ᠣᠷᠴᠢᠨ ᠲᠣᠭᠤᠷᠢᠨ ᠪᠤᠳᠤᠯᠢᠶᠠᠨᠲᠠᠢ ᠵᠡᠷᠭᠡ ᠭᠡᠮ ᠰᠣᠭᠤᠭ ᠢ ᠨᠢᠭᠡ ᠯᠡ ᠤᠳᠠᠭ᠎ᠠ ᠳᠡᠭᠡᠷ᠎ᠡ ᠰᠢᠢᠳᠪᠦᠷᠢᠯᠡᠵᠦ ᠪᠠᠶᠢᠭ᠎ᠠ ᠨᠢ᠃ ᠰᠤᠷᠪᠤᠯᠵᠢᠯᠠᠭᠴᠢ ᠡᠦ ᠽᠢ ᠰᠢᠤᠸᠠᠨ ᠴᠢᠮᠡᠭᠡᠯᠡᠭᠴᠢ ᠯᠢ ᠱᠦᠨ ᠫᠧᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ