ᠰᠢ ᠶᠢᠨ ᠫᠢᠩ ᠤᠯᠠᠨ ᠤᠯᠤᠰ ᠤᠨ ᠨᠥᠬᠦᠷᠰᠡᠭ ᠬᠥᠮᠦᠰ ᠤᠨ ᠲᠦᠷᠦᠯ ᠰᠠᠳᠤᠨ ᠳᠤ ᠬᠠᠷᠢᠭᠤ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2021/9/22
      ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 17 ᠤ ᠴᠠᠬᠢᠯᠭᠠᠨ ᠮᠡᠳᠡᠭᠡ 9 ᠰᠠᠷ᠎ᠠ ᠶᠢᠨ 14 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠧᠨᠣ᠋᠂ ᠮᠠᠬᠠ‍‌ᠵᠢᠳᠧ᠂ ᠠᠶᠢᠯᠢ᠂ ᠠᠶᠢᠫᠰᠲ᠋ᠠᠨ ᠵᠡᠷᠭᠡ ᠤᠯᠠᠨ ᠤᠯᠤᠰ ᠤᠨ ᠨᠥᠬᠦᠷᠰᠡᠭ ᠬᠥᠮᠦᠰ ᠤᠨ ᠲᠦᠷᠦᠯ ᠰᠠᠳᠤᠨ ᠳᠤ ᠬᠠᠷᠢᠭᠤ ᠵᠠᠬᠢᠳᠠᠯ ᠢᠯᠡᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠲᠠᠢ ᠬᠠᠳᠠᠭᠤ ᠪᠡᠷᠬᠡᠰᠢᠶᠡᠯ ᠢ ᠬᠠᠮᠳᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠮᠥᠷᠥ ᠵᠡᠷᠭᠡᠴᠡᠨ ᠲᠡᠮᠡᠴᠡᠵᠦ᠂ ᠳᠤᠮᠳᠠᠳᠤ ᠤᠯᠤᠰ ᠤᠨ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠦᠢᠯᠡᠰ ᠲᠤ ᠡᠷᠬᠢᠮ ᠨᠠᠨᠳᠢᠨ ᠬᠤᠪᠢ ᠨᠡᠮᠡᠷᠢ ᠦᠵᠡᠭᠦᠯᠦᠭᠰᠡᠨ ᠤᠯᠠᠨ ᠤᠯᠤᠰ ᠤᠨ ᠨᠥᠬᠦᠷᠰᠡᠭ ᠬᠥᠮᠦᠰ ᠢ ᠭᠦᠨ ᠳᠤᠷᠠᠰᠤᠨ ᠰᠠᠨᠠᠭᠠᠯᠵᠠᠵᠤ ᠪᠠᠶᠢᠬᠤ ᠪᠠᠨ ᠢᠯᠡᠳᠬᠡᠪᠡ᠃      ᠰᠢ ᠶᠢᠨ ᠫᠢᠩ ᠵᠠᠬᠢᠳᠠᠯ ᠳᠠᠭᠠᠨ᠂ 20 ᠳ᠋ᠤᠭᠠᠷ ᠵᠠᠭᠤᠨ ᠤ ᠳᠡᠭᠡᠷ᠎ᠡ ᠬᠠᠭᠠᠰ ᠵᠠᠭᠤᠨ ᠳᠤ᠂ ᠰᠧᠨᠣ᠋᠂ ᠮᠠᠬᠠ‍‌ᠵᠢᠳᠧ᠂ ᠪᠧᠲ᠋ᠢᠶᠦ᠋ᠨ᠂ ᠺᠧᠳᠢᠬᠤᠸᠠ᠂ ᠠᠶᠢᠯᠢ᠂ ᠠᠶᠢᠫᠰᠲ᠋ᠠᠨ ᠵᠡᠷᠭᠡ ᠨᠢᠭᠡ ᠪᠦᠯᠦᠭ ᠤᠯᠠᠨ ᠤᠯᠤᠰ ᠤᠨ ᠨᠥᠬᠦᠷᠰᠡᠭ ᠬᠥᠮᠦᠰ ᠠᠯᠤᠰ ᠬᠤᠯᠠ ᠠᠴᠠ ᠳᠤᠮᠳᠠᠳᠤ ᠤᠯᠤᠰ ᠲᠤ ᠢᠷᠡᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠲᠠᠢ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂  ᠮᠥᠷᠥ ᠵᠡᠷᠭᠡᠴᠡᠨ ᠪᠠᠶᠢᠯᠳᠤᠪᠠ᠃ ᠪᠢᠳᠡ ᠲᠡᠳᠡᠨ ᠤ ᠳᠤᠮᠳᠠᠳᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠦᠢᠯᠡᠰ ᠲᠤ ᠦᠵᠡᠭᠦᠯᠦᠭᠰᠡᠨ ᠡᠷᠬᠢᠮ ᠨᠠᠨᠳᠢᠨ ᠬᠤᠪᠢ ᠨᠡᠮᠡᠷᠢ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠠᠷᠠᠳ ᠲᠦᠮᠡᠨ ᠲᠠᠢ ᠪᠠᠷᠢᠯᠳᠤᠬᠰᠠᠨ ᠴᠢᠩ ᠦᠨᠡᠨᠴᠢ ᠨᠥᠬᠦᠷᠯᠡᠯ ᠢ ᠢᠮᠠᠭᠲᠠ ᠪᠠᠲᠤ ᠴᠡᠭᠡᠵᠢᠯᠡᠭᠰᠡᠭᠡᠷ ᠪᠠᠶᠢᠨ᠎ᠠ ᠬᠡᠵᠤ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠲᠤᠷᠰᠢ᠂ ᠴᠠᠭ ᠦᠶ᠎ᠡ ᠶᠢᠨ ᠤᠷᠢᠶᠠᠯᠠᠭ᠎ᠠ ᠶᠢ ᠬᠥᠰᠡᠷᠳᠡᠭᠦᠯᠬᠦ ᠦᠭᠡᠢ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ᠂ ᠤᠯᠠᠨ ᠤᠯᠤᠰ ᠤᠨ ᠨᠥᠬᠦᠷᠰᠡᠭ ᠬᠥᠮᠦᠰ ᠤᠨ ᠢᠲᠡᠭᠡᠯ ᠢ ᠬᠥᠰᠡᠷᠳᠡᠭᠦᠯᠬᠦ ᠦᠭᠡᠢ ᠪᠠᠶᠢᠵᠤ᠂ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠤᠷᠳᠤ ᠬᠤᠭᠤᠴᠠᠭ᠎ᠠ ᠪᠠᠷ ᠲᠡᠮᠡᠴᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠶᠠᠭ ᠤᠷᠤᠭᠰᠢᠯᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠶᠢᠨ ᠡᠷᠬᠢᠮ ᠳᠡᠭᠡᠳᠦ ᠦᠢᠯᠡᠰ ᠢ ᠲᠠᠰᠤᠷᠠᠯᠳᠠ ᠦᠭᠡᠢ ᠠᠬᠢᠭᠤᠯᠵᠤ ᠪᠠᠶᠢᠨ᠎ᠠ᠃ ᠲᠠᠨ ᠤ ᠲᠤᠳᠤᠨᠤ ᠬᠦᠮᠤᠰ ᠤᠨ ᠲᠤᠬᠠᠶ ᠶᠢᠨ ᠵᠢᠯ ᠤᠨ ᠰᠣᠩᠭᠤᠯᠲᠠ ᠪᠦᠷᠢᠮᠦᠰᠦᠨ ᠵᠥᠪ ᠶᠤᠮ ᠬᠡᠵᠤ ᠴᠢᠬᠤᠯᠠᠴᠢᠯᠠᠪᠠ᠃      ᠰᠢ ᠶᠢᠨ ᠫᠢᠩ᠂ ᠲᠡᠦᠬᠡ ᠲᠠᠰᠤᠷᠠᠯᠳᠠ ᠦᠭᠡᠢ ᠤᠷᠤᠬᠰᠢᠯᠠᠵᠤ᠂ ᠵᠣᠷᠢᠭ ᠰᠠᠨᠠᠭ᠎ᠠ ᠦᠶ᠎ᠡ ᠶᠢᠨ ᠦᠶ᠎ᠡ ᠳᠤ ᠤᠯᠠᠮᠵᠢᠯᠠᠭᠳᠠᠨ᠎ᠠ᠃ ᠲᠠ ᠨᠠᠷ ᠲᠤᠳᠤᠨᠤ ᠬᠦᠮᠤᠰ ᠢᠶᠠᠷ ᠢᠶᠠᠨ ᠬᠡᠪ ᠳᠠᠭᠤᠷᠢᠶᠠᠯ ᠪᠣᠯᠭᠠᠵᠤ᠂ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠡᠯᠡᠬᠡᠢ ᠶᠢᠨ ᠠᠷᠠᠳ ᠲᠦᠮᠡᠨ ᠤ ᠨᠥᠬᠦᠷᠯᠡᠯ ᠬᠢᠬᠡᠳ ᠬᠠᠮᠲᠤᠷᠠᠯᠴᠠᠭ᠎ᠠ ᠶᠢ ᠨᠡᠮᠡᠭᠳᠡᠭᠦᠯᠬᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ︕      ᠤ‍‌ᠵᠢᠷ᠎ᠠ ᠶᠢᠨ ᠡᠳᠦᠷ᠂ ᠰᠧᠨᠣ᠋᠂ ᠮᠠᠬᠠ‍‌ᠵᠢᠳᠧ᠂ ᠠᠶᠢᠯᠢ᠂ ᠠᠶᠢᠫᠰᠲ᠋ᠠᠨ᠂ ᠮᠢᠯᠧ᠂ ᠺᠧᠯᠦᠺᠧ᠂ ᠵᠧᠩ ᠯᠢᠦᠢ ᠴᠧᠩ᠂ ᠯᠢᠱᠠ᠂ ᠹᠦ᠋ ᠯᠠᠢ᠂ ᠸᠧᠢ ᠯᠤ᠋ ᠱᠢ᠂ ᠶᠧ ᠬᠤᠸᠠ᠂ ᠴᠧᠨ ᠪᠢ ᠳ᠋ᠢ ᠵᠡᠷᠭᠡ ᠤᠯᠠᠨ ᠤᠯᠤᠰ ᠤᠨ ᠨᠥᠬᠦᠷᠰᠡᠭ ᠬᠥᠮᠦᠰ ᠤᠨ 16 ᠲᠦᠷᠦᠯ ᠰᠠᠳᠤᠨ ᠨᠡᠷ᠎ᠡ ᠬᠤᠯᠪᠣᠨ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠢᠯᠡᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠤᠬᠳᠠᠬᠰᠠᠨ ᠵᠠᠭᠤᠨ ᠵᠢᠯ ᠤᠨ ᠤᠢ ᠳᠤ ᠬᠠᠯᠠᠭᠤᠨ ᠪᠠᠶᠠᠷ ᠬᠦᠷᠭᠡᠵᠤ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠲᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠤᠭᠰᠠᠨ 76 ᠵᠢᠯ ᠤᠨ ᠤᠢ ᠶᠢᠨ ᠲᠠᠰᠢᠷᠠᠮ ᠢᠶᠠᠷ ᠶᠠᠫᠣᠨ ᠢ ᠡᠰᠡᠷᠭᠦᠴᠡᠬᠦ ᠲᠠᠶᠢᠨ ᠤ ᠦᠷᠡᠭᠳᠡᠭᠰᠡᠨ ᠪᠠᠭᠠᠲᠤᠷᠴᠤᠳ ᠢᠶᠠᠨ ᠬᠠᠮᠲᠤ ᠪᠠᠷ ᠳᠤᠷᠠᠰᠤᠨ ᠰᠠᠨᠠᠭᠠᠯᠵᠠᠵᠤ᠂ ᠳᠣᠲᠣᠨᠣ ᠬᠥᠮᠦᠰ ᠨᠢ ᠲᠤᠬᠠᠢ ᠶᠢᠨ ᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠲᠠᠢ ᠬᠠᠨᠢᠲᠠᠨ ᠪᠣᠯᠤᠯᠴᠠᠭᠰᠠᠨ ᠳᠠᠭᠠᠨ ᠣᠮᠣᠭᠰᠢᠨ ᠪᠠᠭ᠋ᠠᠳᠤᠵᠤ ᠪᠠᠶᠢᠬᠤ ᠰᠡᠳᠬᠢᠯᠭᠡ ᠪᠠᠨ ᠢᠯᠡᠳᠬᠡᠭᠰᠡᠨ ᠪᠥᠭᠡᠳ ᠳᠤᠷᠠᠲᠠᠶ᠎ᠠ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠰᠠᠨᠠᠭᠠᠴᠢᠯᠠᠭ᠎ᠠ ᠶᠢᠨ ᠵᠢᠯᠤᠭᠤᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠶᠢᠨ ᠢᠨᠲ᠋ᠧᠷᠨᠠᠼᠢᠣᠨᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠭᠠᠳᠠᠭᠠᠳᠤ ᠶᠢᠨ ᠠᠷᠠᠳ ᠲᠦᠮᠡᠨ ᠤ ᠨᠥᠬᠦᠷᠯᠡᠯ ᠢ ᠵᠤᠵᠠᠭᠠᠳᠬᠠᠬᠤ᠂ ᠳᠤᠮᠳᠠᠳᠤ ᠤᠯᠤᠰ ᠤᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠬᠦ ᠶᠢ ᠳᠡᠮᠵᠢᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃
ᠢᠷᠡᠯᠲᠡ᠄ ᠦᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ