ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠤᠰᠬᠠᠶ ᠪᠠᠯᠠ ᠮᠥᠩᠭᠦ ᠪᠠᠭᠤᠯᠭᠠᠵᠤ ᠣᠷᠣᠨ ᠤ ᠲᠥᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2021/9/23
      ︵ᠰᠤᠷᠪᠤᠯᠵᠢᠯᠠᠭᠴᠢ ᠰᠥᠩ ᠰᠢᠶᠠᠩ ᠬᠤᠸᠠ︶ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠳᠡᠮᠵᠢᠨ᠂ ᠣᠷᠣᠨ ᠨᠤᠲᠤᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠨᠥᠬᠦᠴᠡᠯ ᠢ ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠬᠤ ᠶᠢᠨ ᠲᠤᠰᠠᠳᠠ᠂ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 2021 ᠣᠨ ᠤ ᠬᠤᠶᠠᠳᠤᠭᠠᠷ ᠪᠦᠯᠦᠭ ᠲᠥᠪ ᠠᠴᠠ ᠣᠷᠣᠨ ᠨᠤᠲᠤᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠬᠥᠲᠥᠯᠦᠨ ᠵᠢᠯᠣᠭᠤᠳᠬᠤ 250 ᠲᠦᠮᠡᠨ ᠲᠥᠭᠦᠷᠢᠭ ᠤᠨ ᠪᠠᠯᠠ ᠮᠥᠩᠭᠦ ᠶᠢ ᠪᠠᠭᠤᠯᠭᠠᠵᠤ᠂ ᠴᠢᠯᠥᠭᠡᠲᠡᠶ ᠬᠠᠶᠢᠨ ᠰᠦᠪᠡᠭᠴᠢᠯᠡᠬᠦ ᠲᠥᠷᠥᠯ ᠤᠨ ᠰᠠᠭᠤᠷᠢ ᠰᠤᠳᠤᠯᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠪᠠ ᠣᠷᠣᠨ ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠵᠡᠷᠭᠡ ᠲᠠᠯ᠎ᠠ ᠳᠤ ᠨᠢᠭᠡᠳᠦᠯᠲᠡᠶ ᠲᠥᠯᠥᠪᠯᠡᠨ ᠬᠡᠷᠡᠭᠯᠡᠪᠡ᠃ ᠡᠨᠡ ᠬᠦ ᠪᠡᠯᠡ ᠮᠥᠩᠭᠦ ᠶᠢ ᠪᠠᠭᠤᠯᠭᠠᠭᠰᠠᠨ ᠨᠢ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠤᠷᠤᠭᠰᠢᠲᠠᠢ ᠶᠠᠪᠤᠭᠳᠠᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃       ᠡᠭᠦᠨ ᠠᠴᠠ ᠭᠠᠳᠠᠨ᠎ᠠ᠂ ᠰᠠᠭᠤᠷᠢ ᠴᠢᠨᠠᠷᠳᠠᠢ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠤᠳᠤᠯᠭᠠᠨ᠂ ᠨᠡᠶᠢᠲᠡᠯᠢᠭ ᠴᠢᠨᠠᠷᠲᠠᠶ ᠮᠡᠷᠭᠡᠵᠢᠯ ᠪᠠ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠪᠠ ᠬᠡᠷᠡᠭᠯᠡᠯᠲᠡ ᠶᠢ ᠴᠢᠩᠭᠠᠳᠬᠠᠬᠤ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 2021 ᠣᠨ ᠤ ᠭᠤᠷᠪᠠᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ ᠪᠠ ᠨᠡᠭᠡᠭᠡᠨ ᠬᠥᠭᠵᠢᠭᠦᠯᠦᠯᠲᠡ ᠶᠢᠨ ᠪᠠᠯᠠ ᠮᠥᠩᠭᠦ ᠶᠢ 213 ᠲᠦᠮᠡᠨ ᠲᠥᠭᠦᠷᠢᠭ ᠪᠠᠭᠤᠯᠭᠠᠪᠠ᠃ ᠡᠨᠡ ᠬᠤᠭᠤᠴᠠᠭᠠᠨ ᠳᠤ᠂ ᠡᠯ᠎ᠡ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ ᠬᠢᠭᠡᠳ ᠨᠡᠭᠡᠭᠡᠨ ᠬᠥᠭᠵᠢᠭᠦᠯᠦᠯᠲᠡ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠲᠥᠰᠦᠪ ᠢ ᠭᠦᠢᠴᠡᠳᠬᠡᠬᠦ ᠬᠠᠮᠢᠶᠠᠷᠤᠯᠲᠠ ᠪᠠᠨ ᠴᠢᠩᠭᠠᠳᠬᠠᠵᠤ᠂ ᠲᠤᠰᠬᠠᠶ ᠵᠦᠢᠯ ᠤᠨ ᠪᠠᠯᠠ ᠮᠥᠩᠭᠦ ᠶᠢ ᠦᠨᠡᠨᠬᠦ ᠴᠠᠭ ᠲᠤᠬᠠᠶ ᠳᠤᠨᠢ ᠪᠣᠳᠠᠲᠠᠶᠢᠵᠢᠭᠤᠯᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ