ᠮᠠᠨ ᠤ ᠬᠤᠲᠠ ᠨᠠᠮ ᠤᠨ ᠭᠠᠳᠠᠨᠠᠬᠢ ᠬᠥᠮᠦᠰ ᠤᠨ ᠰᠠᠭᠤᠳᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/23
                 ᠼᠤᠤ ᠰᠧ ᠶᠠᠩ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠢ       ︵ᠰᠤᠷᠪᠤᠯᠵᠢᠯᠠᠭᠴᠢ ᠮᠢᠶᠣᠣ ᠰᠢᠨ︶ 9 ᠳ᠋ᠦ᠋ᠭᠡᠷ ᠰᠠᠷ᠎ᠠ ᠶᠢᠨ 22 ᠤᠨ ᠡᠳᠦᠷ᠂ ᠮᠠᠨ ᠤ ᠬᠤᠳᠠ ᠨᠠᠮ ᠤᠨ ᠭᠠᠳᠠᠨᠠᠬᠢ ᠬᠥᠮᠦᠰ ᠤᠨ ᠰᠠᠭᠤᠳᠠᠯ ᠤᠨ ᠬᠤᠷᠠᠯ ᠢ ᠬᠤᠷᠠᠯᠳᠤᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠢᠯᠡᠳᠬᠡᠯ ︵ᠰᠠᠨᠠᠯ ᠬᠤᠷᠢᠶᠠᠬᠤ ᠨᠤᠤᠷᠠᠭ︶︾ ᠪᠣᠯᠤᠨ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠤᠨ ᠲᠤᠬᠠᠢ ᠬᠤᠳᠠ ᠶᠢᠨ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠤᠨ ᠰᠠᠨᠠᠯ ᠰᠠᠨᠠᠭᠤᠯᠭ᠎ᠠ ᠶᠢ ᠰᠣᠨᠣᠰᠪᠠ᠃       ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠤᠤ ᠰᠧ ᠶᠠᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃       ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠠᠵᠢᠯ ᠤᠨ ᠬᠡᠯᠲᠡᠰ ᠤᠨ ᠳᠠᠷᠤᠭ᠎ᠠ ᠭᠧ ᡁᠢ ᠮᠢᠨ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢᠦ ᠵᠢᠢ ᠶᠢᠩ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠠᠨ ᠹᠧᠩ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠤᠤ ᠵᠧᠨ ᠸᠧᠢ᠂ ᠰᠦᠸᠧ ᠶᠢᠩ ᠵᠢᠶᠦ᠋ᠨ᠂ ᠸᠠᠩ ᠭᠦᠸᠧ ᠬᠤᠸᠠ ᠬᠤᠷᠠᠯ ᠳᠤ ᠣᠷᠣᠯᠴᠠᠪᠠ᠃       ᠯᠢᠦ ᠵᠢᠢ ᠶᠢᠩ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠢᠯᠡᠳᠬᠡᠯ ︵ᠰᠠᠨᠠᠯ ᠬᠤᠷᠢᠶᠠᠬᠤ ᠨᠤᠤᠷᠠᠭ︶︾ ᠤᠨ ᠲᠤᠬᠠᠢ ᠲᠣᠳᠣᠷᠬᠠᠶᠢᠯᠠᠯᠲᠠ ᠬᠢᠪᠡ᠃       ᠰᠠᠭᠤᠳᠠᠯ ᠤᠨ ᠬᠤᠷᠠᠯ ᠳᠡᠭᠡᠷ᠎ᠡ᠂ ᠳᠤᠮᠳᠠᠳᠤ ᠤᠯᠤᠰ ᠤᠨ ᠭᠤᠮᠢᠨᠳᠠᠩ ᠨᠠᠮ ᠤᠨ ᠬᠤᠪᠢᠰᠬᠠᠯᠲᠤ ᠬᠤᠷᠢᠶ᠎ᠠ ᠶᠢᠨ ᠬᠤᠲᠠ ᠶᠢᠨ ᠬᠤᠷᠢᠶ᠎ᠠ ᠶᠢᠨ ᠡᠷᠬᠢᠯᠡᠭᠴᠢ ᠭᠡᠰᠢᠭᠦᠨ ᠭᠤᠣ ᠵᠧᠨ ᠸᠧᠶ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠬᠤᠲᠠ ᠶᠢᠨ ᠬᠤᠷᠢᠶ᠎ᠠ ᠶᠢᠨ ᠡᠷᠬᠢᠯᠡᠭᠴᠢ ᠭᠡᠰᠢᠭᠦᠨ ᠯᠢ ᠯᠢ ᠴᠢᠨ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ  ᠤᠨ ᠬᠤᠲᠠ ᠶᠢᠨ ᠬᠤᠷᠢᠶ᠎ᠠ ᠶᠢᠨ ᠡᠷᠬᠢᠯᠡᠭᠴᠢ ᠭᠡᠰᠢᠭᠦᠨ ᠪᠠᠭᠠᠲᠤᠷ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ  ᠬᠤᠷᠠᠯ ᠤᠨ ᠬᠤᠲᠠ ᠶᠢᠨ ᠬᠤᠷᠢᠶ᠎ᠠ ᠶᠢᠨ ᠡᠷᠬᠢᠯᠡᠭᠴᠢ ᠭᠡᠰᠢᠭᠦᠨ ᠰᠥᠸᠧ ᠶᠢᠩ ᠵᠢᠶᠦ᠋ᠨ᠂ ᠳᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠬᠤᠲᠠ ᠶᠢᠨ ᠬᠤᠷᠢᠶ᠎ᠠ ᠶᠢᠨ ᠡᠷᠬᠢᠯᠡᠭᠴᠢ ᠭᠡᠰᠢᠭᠦᠨ ᠯᠠᠨ ᠹᠧᠩ᠂ ︽9 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠬᠤᠲᠠ ᠶᠢᠨ ᠬᠤᠷᠢᠶ᠎ᠠ ᠶᠢᠨ ᠡᠷᠬᠢᠯᠡᠭᠴᠢ ᠭᠡᠰᠢᠭᠦᠨ ᠵᠠᠩ ᠵᠢᠶᠦ᠋ᠨ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠸᠠᠩ ᠭᠦᠸᠧ ᠬᠤᠸᠠ᠂ ᠬᠤᠲᠠ ᠶᠢᠨ ᠨᠠᠮ ᠤᠨ ᠭᠠᠳᠠᠨᠠᠬᠢ ᠰᠡᠬᠡᠭᠡᠲᠡᠳ ᠤᠨ ᠨᠥᠬᠦᠷᠯᠡᠯ ᠤᠨ ᠬᠤᠷᠠᠯ ᠤᠨ ᠳᠡᠳ᠋ ᠳᠠᠷᠤᠭ᠎ᠠ ᠶᠦᠨ ᠴᠢᠶᠣᠤ ᠲᠠᠩ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠢᠯᠡᠳᠬᠡᠯ ︵ᠰᠠᠨᠠᠯ ᠬᠤᠷᠢᠶᠠᠬᠤ ᠨᠣᠤᠷᠠᠭ︶︾ ᠳᠤ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠪᠠ᠃       ᠼᠤᠤ ᠰᠧ ᠶᠠᠩ ᠬᠤᠳᠠ ᠶᠢᠨ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠤᠨ ᠤᠷᠳᠤ ᠬᠤᠭᠤᠴᠠᠭᠠᠨ ᠤ ᠲᠤᠷᠰᠢ ᠮᠠᠨ ᠤ ᠬᠤᠳᠠ ᠶᠢᠨ ᠡᠯ᠎ᠡ ᠵᠦᠢᠯ ᠤᠨ ᠠᠵᠢᠯ ᠳᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠭᠰᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠴᠢᠬᠤᠯᠠᠴᠢᠯᠠᠬᠤ ᠳᠠᠭᠠᠨ᠂ ᠤᠯᠠᠨ ᠤ ᠰᠠᠨᠠᠯ ᠢ ᠭᠦᠢᠴᠡᠳ ᠰᠢᠩᠭᠡᠭᠡᠨ ᠠᠪᠴᠤ ᠨᠠᠷᠢᠨ ᠬᠢᠨᠠᠮᠠᠭᠠᠢ ᠵᠠᠰᠠᠪᠤᠷᠢ ᠣᠷᠣᠭᠤᠯᠵᠤ᠂ ᠥᠨᠳᠥᠷ ᠶᠠᠰᠤ ᠴᠢᠨᠠᠷ ᠲᠠᠢ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠦᠯᠦᠯᠲᠡ ᠶᠢ ᠪᠦᠷᠢᠯᠳᠦᠭᠦᠯᠬᠦ ᠶᠢ ᠪᠠᠲᠤᠯᠠᠬᠤ ᠬᠡᠷᠡᠭᠲᠡᠢ᠃ ᠳᠠᠪᠠᠭᠤᠯᠢᠭ ᠲᠠᠯ᠎ᠠ ᠪᠠᠨ ᠪᠠᠳᠠᠷᠠᠭᠤᠯᠤᠨ᠂ ᠠᠷᠭ᠎ᠠ ᠤᠬᠠᠭᠠᠨ ᠬᠦᠴᠦᠨ ᠴᠢᠳᠠᠯ ᠢᠶᠠᠨ ᠭᠠᠷᠭᠠᠵᠤ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠡᠭᠦᠷᠭᠡ ᠲᠤᠰᠢᠶᠠᠯ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠶ᠃ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠳᠠᠪᠬᠤᠷᠭ᠎ᠠ ᠪᠠᠷ ᠬᠤᠯᠪᠣᠭᠠᠯᠠᠨ ᠬᠥᠳᠡᠯᠦᠯᠴᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠰᠠᠶᠢᠨ ᠠᠷᠭ᠎ᠠ ᠶᠢ ᠦᠨᠡᠨᠬᠦ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠰᠠᠶᠢᠨ ᠲᠦᠷᠦ ᠶᠢᠨ ᠪᠤᠳᠤᠯᠭ᠎ᠠ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ