ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/23
      ︵ᠰᠤᠷᠪᠤᠯᠵᠢᠯᠠᠭᠴᠢ ᠯᠢᠶᠠᠩ ᠵᠢᠩ ᠱᠤ᠋︶ 9 ᠳ᠋ᠦ᠋ᠭᠡᠷ ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠪᠦᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠷᠪᠠᠳᠤᠭᠠᠷ ᠤᠳᠠᠭᠠᠨ ᠤ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠱᠠᠨᠰᠢ ᠮᠤᠵᠢ ᠶᠢᠨ ᠲᠡᠮᠡᠭᠡᠲᠦ ᠬᠤᠳᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠠᠵᠢᠯ ᠤᠨ ᠰᠠᠭᠤᠳᠠᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠱᠠᠨᠰᠢ ᠮᠤᠵᠢ ᠶᠢᠨ ᠲᠡᠮᠡᠭᠡᠲᠦ ᠬᠤᠳᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠨᠢ ᠨᠡᠭᠦᠷᠡᠰᠦᠨ ᠤ ᠬᠡᠷᠡᠭᠯᠡᠭᠡ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠬᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ ᠵᠡᠷᠭᠡ ᠲᠠᠯ᠎ᠠ ᠪᠠᠷ ᠴᠢᠬᠤᠯᠠ ᠵᠢᠭᠠᠪᠤᠷᠢ ᠥᠭᠴᠦ᠂ ᠣᠷᠣᠨ ᠤ ᠲᠥᠪ ᠬᠤᠲᠠ ᠶᠢᠨ ᠬᠥᠭᠵᠢᠯᠲᠡ ᠳᠤ ᠲᠦᠢᠯ ᠤᠨ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠳᠠᠲᠤ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠵᠢᠭᠠᠭᠰᠠᠨ ᠨᠢ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠶᠡᠷᠦᠩᠬᠡᠢ ᠰᠢᠪᠲᠤᠯᠤᠯᠲᠠ ᠶᠢ ᠰᠠᠶᠢᠲᠤᠷ ᠬᠢᠬᠦ ᠪᠣᠯ ᠬᠤᠳᠠ ᠶᠢᠨ ᠨᠠᠮ ᠤᠨ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠢ ᠠᠰᠠᠭᠤᠳᠠᠯ ᠠᠴᠠ ᠡᠭᠦᠰᠴᠦ᠂ ᠠᠷᠠᠳ ᠲᠦᠮᠡᠨ ᠤ ᠲᠥᠯᠥᠭᠡ ᠪᠣᠳᠣᠯᠬᠢᠯᠠᠵᠤ᠂ ᠬᠥᠭᠵᠢᠯᠲᠡ ᠶᠢᠨ ᠲᠥᠯᠥᠭᠡ ᠪᠣᠳᠣᠯᠬᠢᠯᠠᠵᠤ᠂ ᠠᠯᠤᠰ ᠬᠡᠳᠦ ᠶᠢᠨ ᠲᠥᠯᠥᠭᠡ ᠪᠣᠳᠣᠯᠬᠢᠯᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭ᠎ᠠ ᠶᠢᠨ ᠶᠡᠭᠡ ᠰᠢᠮᠳᠠᠭᠤᠯᠤᠨ ᠪᠠᠶᠢᠴᠠᠭᠠᠯᠲᠠ ᠳᠤ ᠵᠢᠭᠠᠵᠤ ᠭᠠᠷᠭᠠᠭᠰᠠᠨ ᠠᠰᠠᠭᠤᠳᠠᠯ ᠤᠨ ᠲᠣᠭᠤᠷᠢᠨ ᠳᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠭᠦᠨᠵᠡᠭᠡᠢ ᠥᠷᠨᠢᠭᠦᠯᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠬᠤ ᠬᠡᠷᠡᠭᠲᠡᠢ᠃ ︽ᠬᠤᠳᠠ ᠶᠢᠨ ᠶᠡᠭᠡ ᠲᠠᠷᠢᠬᠢ︾ ᠪᠠᠷ ᠭᠤᠣᠯ ᠪᠣᠯᠭᠠᠨ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠪᠠᠷ ᠭᠠᠷᠳᠠᠴᠠ ᠪᠣᠯᠭᠠᠵᠤ᠂ ᠡᠯᠧᠺᠲᠷᠣᠨ ᠦᠨᠡᠮᠯᠡᠯ ᠤᠨ ᠬᠠᠷᠢᠯᠴᠠᠨ ᠮᠡᠳᠡᠷᠡᠵᠦ ᠬᠠᠷᠢᠯᠴᠠᠨ ᠨᠡᠪᠲᠡᠷᠡᠯᠴᠡᠬᠦ ᠪᠠᠷ ᠰᠠᠭᠤᠷᠢ ᠪᠣᠯᠭᠠᠵᠤ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢᠨ ᠪᠠᠬᠢᠯᠡᠯᠲᠡ ᠶᠢ ᠦᠨᠡᠨᠬᠦ ᠨᠡᠪᠲᠡᠷᠡᠭᠦᠯᠵᠦ᠂ ᠬᠠᠮᠲᠤᠪᠠᠷ ᠡᠳ᠋ᠯᠡᠵᠦ ᠬᠠᠮᠲᠤᠪᠠᠷ ᠪᠠᠶᠢᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ 2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠤᠯᠤᠰ ᠲᠥᠷᠥ ᠶᠢᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ᠂ ᠪᠠᠭᠠᠲᠤᠷ ᠵᠢᠱᠢᠶᠡᠴᠢ ᠶᠢᠨ ᠬᠥᠮᠦᠵᠢᠯ ᠢ ᠰᠠᠶᠢᠲᠤᠷ ᠠᠳᠬᠤᠬᠤ ᠬᠡᠷᠡᠭᠲᠡᠢ᠃ ᠰᠦᠪᠡᠭᠴᠢ ᠶᠢ ᠦᠷᠭᠦᠯᠵᠢᠯᠡᠨ ᠬᠠᠷᠭᠤᠭᠤᠯᠤᠨ ᠪᠠᠶᠢᠴᠠᠭᠠᠵᠤ᠂ ᠠᠷᠬᠠᠭ ᠭᠡᠮ ᠢ ᠴᠡᠭᠴᠡᠯᠡᠨ ᠵᠠᠰᠠᠵᠤ᠂ ᠲᠦᠷᠢᠮ ᠲᠣᠭᠲᠠᠭᠠᠯ ᠲᠣᠭᠲᠠᠭᠠᠬᠤ ᠶᠢ ᠭᠦᠨᠵᠡᠭᠡᠶᠢᠷᠡᠭᠦᠯᠵᠦ᠂ ᠬᠤᠶᠠᠳᠤᠭᠠᠷ ᠪᠦᠯᠦᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠳᠤ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ