ᠮᠠᠨ ᠤ ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠰᠡᠨ ᠬᠥᠮᠦᠨ ᠤ ᠲᠤᠭ᠎ᠠ 11 ᠳ᠋ᠦᠩᠰᠢᠭᠤᠷ ᠲᠤ ᠬᠦᠷᠴᠡᠶ ᠪᠥᠬᠦ ᠶᠠᠪᠤᠴᠠ ᠶᠢᠨ ᠲᠠᠷᠢᠯᠭ᠎ᠠ ᠶᠢ ᠬᠢᠭᠰᠡᠨ ᠬᠥᠮᠦᠨ ᠤ ᠲᠤᠭ᠎ᠠ 10 ᠳ᠋ᠦᠩᠰᠢᠭᠤᠷ ᠢ ᠳᠠᠪᠠᠪᠠ
ᠨᠡᠶᠢᠲᠡᠯᠡᠭᠰᠡᠨ ᠴᠠᠭ᠄
2021/9/23
      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠦᠨᠳᠦᠰᠦᠯᠡᠪᠡᠯ᠂ 9 ᠳ᠋ᠦ᠋ᠭᠡᠷ ᠰᠠᠷ᠎ᠠ ᠶᠢᠨ18 ᠤ ᠡᠳᠦᠷ ᠪᠣᠯᠲᠠᠯ᠎ᠠ᠂ 31 ᠮᠤᠵᠢ ︵ᠣᠷᠣᠨ᠂ ᠬᠤᠲᠠ︶ ᠵᠢᠴᠢ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠨᠡᠶᠢᠲᠡ 217404.3 ᠲᠦᠮᠡᠨ ᠬᠦᠮᠦᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠰᠡᠨ ᠢ ᠮᠡᠳᠡᠭᠦᠯᠵᠦ᠂ ᠸᠠᠺᠼᠢᠨ ᠤ ᠲᠠᠷᠢᠯᠭ᠎ᠠ ᠬᠢᠭᠰᠡᠨ ᠪᠦᠬᠦ ᠬᠥᠮᠦᠨ ᠤ ᠲᠤᠭ᠎ᠠ 110084.2 ᠲᠦᠮᠡ ᠳᠤ ᠬᠦᠷᠴᠦ᠂ ᠡᠭᠦᠨ ᠳᠤ ᠨᠢᠭᠡᠨᠲᠡ 102220.7 ᠲᠦᠮᠡᠨ ᠬᠥᠮᠦᠨ ᠪᠦᠬᠦ ᠶᠠᠪᠤᠴᠠ ᠶᠢᠨ ᠲᠠᠷᠢᠯᠭ᠎ᠠ ᠬᠢᠵᠦ᠂ ᠲᠠᠷᠢᠯᠭ᠎ᠠ ᠬᠢᠭᠰᠡᠨ ᠪᠦᠬᠦ ᠬᠥᠮᠦᠨ ᠤ ᠲᠤᠭ᠎ᠠ ᠨᠢ ᠪᠥᠬᠦ ᠤᠯᠤᠰ ᠤᠨ ᠶᠡᠷᠦᠩᠬᠡᠢ ᠬᠥᠮᠦᠨ ᠠᠮᠠ ᠶᠢᠨ 78% ᠶᠢ ᠡᠵᠡᠯᠡᠪᠡ᠃ ᠲᠠᠷᠢᠯᠭ᠎ᠠ ᠬᠢᠭᠰᠡᠨ ᠶᠡᠷᠦᠩᠬᠡᠶ ᠤᠳᠠᠭ᠎ᠠ ᠪᠠ ᠬᠠᠮᠤᠷᠤᠭᠰᠠᠨ ᠬᠥᠮᠦᠨ ᠤ ᠲᠤᠭ᠎ᠠ ᠨᠢ ᠴᠥᠮ ᠳᠡᠯᠡᠬᠡᠶ ᠶᠢᠨ ᠲᠡᠷᠢᠭᠦᠨ ᠳᠤ ᠣᠷᠣᠵᠤ᠂ ᠬᠠᠮᠤᠷᠤᠭᠰᠠᠨ ᠨᠣᠷᠮ᠎ᠠ ᠨᠢ ᠪᠥᠬᠦ ᠳᠡᠯᠡᠬᠡᠶ ᠶᠢᠨ ᠲᠡᠷᠢᠭᠦᠨ ᠳᠤ ᠣᠷᠣᠪᠠ᠃
ᠢᠷᠡᠯᠲᠡ᠄ ᠦᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ