ᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠶᠢᠰᠦᠳᠦᠭᠡᠷ ᠪᠦᠭᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/24
      ᠠᠷᠪᠠᠨ ᠬᠤᠶᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠳᠤ ᠬᠢᠬᠦ ᠠᠵᠢᠯ ᠤᠨ ᠢᠯᠡᠳᠬᠡᠯ ᠵᠢᠴᠢ ᠰᠢᠢᠳᠪᠦᠷᠢ ︵ᠲᠥᠰᠥᠯ︶ ᠢ ᠪᠠᠲᠤᠯᠠᠪᠠ      ︵ᠴᠢᠮᠡᠭᠡᠯᠡᠭᠴᠢ ᠸᠠᠩ ᠷᠦᠢ︶ 9 ᠳ᠋ᠦ᠋ᠭᠡᠷ ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠶᠢᠰᠦᠳᠦᠭᠡᠷ ᠪᠦᠭᠦᠳᠡ ᠬᠤᠷᠠᠯ ᠬᠤᠷᠠᠯᠳᠤᠪᠠ᠃ ᠪᠦᠭᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠳᠤ ᠬᠢᠬᠦ ᠠᠵᠢᠯ ᠤᠨ ᠢᠯᠡᠳᠬᠡᠯ︾ ᠢ ᠨᠣᠣᠷᠠᠭᠯᠠᠭᠰᠠᠨ ᠪᠠᠶᠢᠳᠠᠯ ᠢ ᠰᠣᠨᠣᠰᠴᠤ᠂ ᠠᠵᠢᠯ ᠤᠨ ᠢᠯᠡᠳᠬᠡᠯ ᠵᠢᠴᠢ ᠰᠢᠢᠳᠪᠦᠷᠢ ︵ᠲᠥᠰᠥᠯ︶ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠼᠦᠢ ᠵᠧᠨ ᠦ᠋ ᠬᠤᠷᠠᠯ ᠢ ᠡᠷᠬᠢᠯᠡᠪᠡ᠃      ᠪᠥᠬᠦᠳᠡ ᠬᠤᠷᠠᠯ ᠤᠨ ᠦᠵᠡᠭᠰᠡᠨ ᠢᠶᠠᠷ᠂ ᠥᠩᠭᠡᠷᠡᠭᠰᠡᠨ ᠲᠠᠪᠤᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠳᠠ ᠶᠢᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠪᠠᠲᠤ ᠰᠠᠬᠢᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠢᠯᠵᠠᠷᠠᠯ ᠢ ᠵᠠᠯᠬᠠᠭᠠᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠰᠠᠶᠢᠨ ᠢ ᠨᠢ  ᠪᠠᠳᠠᠷᠠᠭᠤᠯᠵᠤ ᠮᠠᠭᠤ ᠶᠢ ᠨᠢ  ᠠᠷᠢᠯᠭᠠᠬᠤ  ᠪᠠᠷ ᠤᠳᠠᠭᠠᠨ ᠳᠠᠭᠠᠭᠠᠮᠠᠭᠠᠢ ᠴᠢᠷᠮᠠᠶᠢᠵᠤ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠯ᠎ᠠ ᠪᠠᠷ ᠯᠠᠪᠳᠠᠭᠤᠨ ᠪᠠᠲᠤᠲᠠᠢ ᠠᠯᠬᠤᠮ ᠢ ᠠᠯᠬᠤᠵᠤ᠂ ᠣᠷᠣᠨ ᠤ ᠲᠥᠪ ᠬᠤᠲᠠ ᠶᠢᠨ ᠤᠯᠤᠰ ᠲᠦᠷᠦ ᠶᠢᠨ ᠠᠮᠢ ᠠᠬᠤᠢ ᠶᠢ ᠪᠦᠲᠦᠮᠵᠢᠲᠡᠢ ᠴᠡᠪᠡᠷᠰᠢᠭᠦᠯᠵᠦ᠂ ᠪᠦᠬᠦ ᠬᠤᠳᠠ ᠶᠢᠨ ᠨᠠᠮ ᠤᠨ ᠰᠤᠷᠲᠠᠯ  ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢᠯᠡᠳᠲᠡ ᠦᠷ᠎ᠡ ᠪᠦᠲᠦᠮᠵᠢ ᠣᠯᠵᠠᠢ᠃      ᠪᠥᠬᠦᠳᠡ ᠬᠤᠷᠠᠯ ᠠᠴᠠ ᠱᠠᠭᠠᠷᠳᠠᠭᠰᠠᠨ ᠨᠢ᠂ ᠪᠦᠬᠦ ᠬᠤᠲᠠ ᠶᠢᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠨᠤᠭᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠡᠩ ᠴᠤᠭ ᠪᠠᠳᠠᠷᠠᠩᠭᠤᠢ ᠲᠡᠮᠡᠴᠡᠯ ᠤᠨ ᠳᠦᠷᠰᠦ ᠪᠠᠶᠢᠳᠠᠯ ᠪᠣᠯᠤᠨ ᠨᠡᠩ ᠲᠡᠭᠦᠰ ᠲᠡᠭᠦᠯᠳᠡᠷ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠨᠡᠩ ᠶᠡᠭᠡ ᠰᠢᠨ᠎ᠡ ᠢᠯᠠᠯᠲᠠ ᠶᠢ ᠲᠡᠮᠡᠴᠡᠨ ᠤᠯᠬᠤ ᠬᠡᠷᠡᠭᠲᠡᠢ ᠭᠡᠵᠡᠢ᠃       ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠭᠡᠰᠢᠭᠦᠨ᠂ ᠬᠤᠳᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ