9 ᠳ᠋ᠦ᠋ᠭᠡᠷ ᠰᠠᠷ᠎ᠠ ᠶᠢᠨ 26 ᠤ ᠡᠳᠦᠷ ᠤᠨ 7 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2021/9/26
      2021 ᠣᠨ ᠤ 9 ᠳ᠋ᠦ᠋ᠭᠡᠷ ᠰᠠᠷ᠎ᠠ ᠶᠢᠨ 25 ᠤ ᠡᠳᠦᠷ ᠤᠨ 7 ᠴᠠᠭ ᠠᠴᠠ 9 ᠳ᠋ᠦ᠋ᠭᠡᠷ ᠰᠠᠷ᠎ᠠ ᠶᠢᠨ 26 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ  ᠬᠠᠯᠳᠠᠪᠤᠷᠢᠯᠠᠭᠳᠠᠭᠴᠢ ᠨᠡᠮᠡᠭᠳᠡᠭᠰᠡᠨ ᠦᠭᠡᠢ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 2 ᠨᠡᠮᠡᠭᠳᠡᠪᠡ ︵ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶᠃      2021 ᠣᠨ ᠤ 9 ᠳ᠋ᠦ᠋ᠭᠡᠷ ᠰᠠᠷ᠎ᠠ ᠶᠢᠨ 26 ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 6 ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂ ᠪᠦᠬᠦ ᠣᠶᠢᠷ᠎ᠠ ᠬᠠᠪᠢᠳᠠᠯ ᠢ ᠪᠦᠬᠦᠨ ᠢ ᠲᠣᠭᠲᠠᠭᠰᠠᠨ ᠭᠠᠵᠠᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠳᠡᠯᠭᠡᠷᠡᠨ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ ︵ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ︶
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ