ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/26
      ︵ᠰᠤᠷᠪᠤᠯᠵᠢᠯᠠᠭᠴᠢ ᠴᠢ ᠰᠢᠶᠥᠥ ᠶᠠᠨ︶ ᠣᠶᠢᠷ᠎ᠠ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃      ᠬᠤᠷᠠᠯ ᠠᠴᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠵᠢᠷᠤᠮᠵᠢᠭᠤᠯᠤᠨ ᠬᠠᠮᠢᠶᠠᠷᠬᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠵᠠᠰᠠᠬᠤ ᠵᠡᠷᠭᠡ ᠤᠯᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠡᠭᠦᠷᠭᠡᠯᠡᠵᠦ ᠪᠣᠢ᠂ ᠰᠡᠷᠭᠡᠭ ᠢᠶᠠᠷ ᠲᠠᠨᠢᠨ ᠮᠡᠳᠡᠵᠦ᠂ ᠵᠥᠷᠢᠶ᠎ᠡ ᠪᠠᠨ ᠣᠨᠣᠪᠴᠢᠲᠠᠢ ᠡᠷᠢᠨ ᠣᠯᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠬᠡᠷᠡᠭᠲᠡᠢ᠃ ︽ᠪᠣᠯᠪᠠᠰᠤᠨ ᠬᠤᠳᠠ ᠶᠢ ᠵᠠᠪᠠᠯ ᠡᠭᠦᠳᠦᠨ ᠪᠠᠶᠢᠭᠤᠯᠬᠤ︾ ᠶᠢ ᠴᠢᠬᠤᠯᠠ ᠶᠡᠭᠡ ᠪᠣᠭᠤᠮᠲᠠ ᠰᠢᠪᠲᠤᠯᠬᠤ ᠠᠵᠢᠯ ᠪᠣᠯᠭᠠᠵᠤ᠂ ᠨᠡᠩ ᠶᠡᠭᠡ  ᠰᠢᠢᠳᠮᠡᠬᠡᠢ ᠵᠣᠷᠢᠭ᠂ ᠪᠠᠲᠤ ᠢᠲᠡᠭᠡᠯ ᠢᠶᠠᠷ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠳᠡᠭᠡᠷ᠎ᠡ ᠦᠨᠡᠨᠬᠦ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ