ᠬᠥᠬᠡᠬᠤᠲᠠ ᠶᠢᠨ ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠵᠣᠬᠢᠴᠠᠬᠤ ᠴᠢᠨᠠᠷᠲᠠᠶ ᠪᠣᠯᠪᠠᠰᠤᠷᠠᠯ ︵ᠨᠢᠭᠡᠳᠦᠭᠡᠷ ᠬᠤᠭᠤᠴᠠᠭ᠎ᠠ︶ ᠬᠢᠴᠢᠶᠡᠯ ᠡᠬᠢᠯᠡᠵᠡᠢ
ᠨᠡᠶᠢᠲᠡᠯᠡᠭᠰᠡᠨ ᠴᠠᠭ᠄
2021/9/26
      ᠤᠢᠢᠷ᠎ᠠ ᠶᠢᠨ ᠡᠳᠦᠷ ᠬᠥᠬᠡᠬᠤᠲᠠ ᠶᠢᠨ 2021 ᠣᠨ ᠤ ᠵᠠᠰᠠᠭ ᠤᠨ ᠣᠷᠳᠣᠨ ᠠᠴᠠ ᠠᠵᠢᠯ ᠲᠤᠬᠢᠷᠠᠭᠤᠯᠬᠤ ᠪᠠ ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠵᠣᠬᠢᠴᠠᠬᠤ ᠴᠢᠨᠠᠷᠲᠠᠶ ᠪᠣᠯᠪᠠᠰᠤᠷᠠᠯ ︵ᠨᠢᠭᠡᠳᠦᠭᠡᠷ ᠬᠤᠭᠤᠴᠠᠭ᠎ᠠ︶ ᠥᠪᠥᠷ ᠮᠣᠩᠭᠤᠯ ᠤᠨ ᠪᠠᠶᠢᠴᠠᠭᠠᠬᠤ ᠲᠤᠰᠢᠶᠠᠯᠲᠠᠨ ᠤ ᠳᠠᠪᠲᠠᠨ ᠪᠣᠯᠪᠠᠰᠤᠷᠠᠭᠤᠯᠬᠤ ᠳᠡᠭᠡᠳᠦ ᠰᠤᠷᠭᠠᠭᠤᠯᠢ ᠳᠤ ᠬᠢᠴᠢᠶᠡᠯ ᠡᠬᠢᠯᠡᠪᠡ᠃ᠬᠢᠴᠢᠶᠡᠯ ᠡᠬᠢᠯᠡᠬᠦ ᠳᠠᠶᠢᠴᠢᠯᠠᠯᠲᠠ ᠶᠢᠨ ᠬᠤᠷᠠᠯ ᠳᠡᠭᠡᠷ᠎ᠡ᠂ ᠬᠦᠬᠡᠬᠤᠳᠠ ᠶᠢᠨ ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠥᠮᠦᠰ ᠪᠣᠯᠪᠠᠰᠤᠷᠠᠯ ᠳᠤ ᠣᠷᠣᠯᠴᠠᠭᠰᠠᠨ ᠴᠡᠷᠢᠭ ᠤᠨ ᠠᠯᠪᠠ ᠠᠴᠠ ᠬᠠᠯᠠᠬᠳᠠᠬᠰᠠᠳ ᠲᠤ ︽2021 ᠣᠨ ᠤ ᠬᠥᠬᠡᠬᠤᠲᠠ ᠶᠢᠨ ᠵᠠᠰᠠᠭ ᠤᠨ ᠣᠷᠳᠣᠨ ᠠᠴᠠ ᠠᠵᠢᠯ ᠳᠣᠭᠢᠷᠠᠭᠤᠯᠵᠤ ᠴᠡᠷᠢᠭ ᠤᠨ ᠠᠯᠪᠠ ᠠᠴᠠ ᠬᠠᠯᠠᠬᠳᠠᠬᠰᠠᠳ ᠢ ᠲᠥᠪᠬᠢᠨᠡᠭᠦᠯᠬᠦ ᠲᠥᠰᠦᠯ︾ ᠢ ᠨᠡᠶᠢᠲᠡᠯᠡᠭᠰᠡᠨ ᠪᠥᠭᠡᠳ ᠳᠠᠶᠢᠴᠢᠯᠠᠯᠲᠠ ᠶᠢᠨ ᠶᠠᠷᠢᠶ᠎ᠠ ᠲᠠᠯᠪᠢᠵᠠᠶ᠃      ᠤᠢᠢᠯᠠᠭᠠᠬᠰᠠᠨ ᠢᠶᠠᠷ᠂ ᠲᠣᠰ ᠤᠳᠠᠭᠠᠨ ᠤ ᠪᠣᠯᠪᠠᠰᠤᠷᠠᠯ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠪᠠᠳᠤᠯᠠᠭ᠎ᠠ ᠶᠢᠨ ᠬᠠᠤᠯᠢ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠬᠦᠬᠡᠬᠤᠳᠠ ᠶᠢᠨ ᠵᠣᠬᠢᠶᠠᠨ ᠪᠠᠶᠢᠭᠤᠯᠤᠭᠰᠠᠨ ᠨᠢᠭᠡᠳᠦᠭᠡᠷ ᠬᠤᠭᠤᠴᠠᠭᠠᠨ ᠤ ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠵᠣᠬᠢᠴᠠᠬᠤ ᠴᠢᠨᠠᠷᠲᠠᠶ ᠪᠣᠯᠪᠠᠰᠤᠷᠠᠯ ᠤᠨ ᠠᠩᠭᠢ ᠪᠠᠶᠢᠵᠤ᠂ ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠪᠠᠳᠤᠯᠠᠭ᠎ᠠ ᠶᠢᠨ ᠬᠠᠤᠯᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠪᠤᠯᠬᠤ ᠪᠦᠬᠡᠳ ᠴᠡᠷᠢᠭ ᠤᠨ ᠠᠯᠪᠠ ᠠᠴᠠ ᠬᠠᠯᠠᠬᠳᠠᠬᠰᠠᠳ ᠢ ᠤᠷᠤᠭᠰᠢᠲᠠᠶ ᠪᠠᠷ ᠨᠡᠶᠢᠭᠡᠮ ᠳᠤ ᠠᠭᠤᠰᠤᠯᠴᠠᠭᠤᠯᠬᠤ ᠪᠦᠲᠦᠮᠵᠢᠲᠡᠶ ᠠᠷᠭ᠎ᠠ ᠠᠪᠴᠠᠯ ᠮᠥᠨ᠃      ᠨᠢᠭᠡᠳᠦᠭᠡᠷ ᠬᠤᠭᠤᠴᠠᠭᠠᠨ ᠤ ᠪᠣᠯᠪᠠᠰᠤᠷᠠᠯ ᠳᠤ ᠨᠡᠶᠢᠲᠡ 80 ᠴᠡᠷᠢᠭ ᠤᠨ ᠠᠯᠪᠠ ᠠᠴᠠ ᠬᠠᠯᠠᠬᠳᠠᠬᠰᠠᠳ ᠣᠷᠣᠯᠴᠠᠵᠦ᠂ ᠪᠣᠯᠪᠠᠰᠤᠷᠠᠯ ᠨᠢ ᠭᠤᠤᠯᠳᠠᠭᠤ ᠨᠠᠮ ᠤᠨ ᠲᠡᠦᠬᠡ ᠶᠢᠨ ᠰᠤᠷᠤᠯᠴᠠᠯᠭ᠎ᠠ᠂ ᠠᠵᠢᠯ ᠣᠯᠭᠤᠬᠤ ᠠᠵᠢᠯ ᠤᠨ ᠪᠠᠶᠢᠷᠢ ᠶᠢᠨ ᠵᠢᠯᠣᠭᠤᠳᠣᠯᠭ᠎ᠠ᠂ ᠲᠥᠪᠬᠢᠨᠡᠭᠦᠯᠬᠦ ᠶᠢ ᠬᠦᠯᠢᠶᠡᠬᠦ ᠬᠤᠭᠤᠴᠠᠭᠠᠨ ᠤ ᠰᠡᠳᠬᠢᠴᠡ ᠶᠢᠨ ᠲᠣᠬᠢᠷᠠᠭᠤᠯᠭ᠎ᠠ᠂ ᠨᠡᠶᠢᠭᠡᠮ ᠠᠵᠤ ᠠᠬᠤᠶ ᠶᠢᠨ ᠬᠥᠭᠵᠢᠯᠲᠡ ᠶᠢᠨ ᠪᠠᠷᠠᠯᠠᠯ᠂ ᠰᠤᠷᠲᠠᠯ ᠤᠨ ᠪᠠᠶᠢᠭᠤᠯᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠶᠠᠪᠤᠬᠳᠠᠵᠠᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ