ᠬᠦᠬᠡᠬᠤᠳᠠ ᠪᠤᠯᠤᠨ ᠣᠪᠣᠭ᠎ᠠ ᠲᠣᠰᠬᠤᠨ ᠲᠤᠮᠤ ᠱᠠᠩᠨᠠᠯ ᠲᠤᠰᠤᠯ᠎ᠠ
ᠨᠡᠶᠢᠲᠡᠯᠡᠭᠰᠡᠨ ᠴᠠᠭ᠄
2021/9/26
      2021 ᠳᠤᠮᠳᠠᠳᠤ ᠤᠯᠤᠰ ᠤᠨ ᠰᠢᠯᠢᠳᠡᠭ ᠵᠢᠭᠤᠯᠴᠢᠯᠠᠯ ᠤᠨ ᠨᠠᠷᠠᠲᠤ ᠲᠦᠷᠦᠯ ᠲᠡᠮᠳᠡᠭ ᠢ ᠳᠡᠯᠭᠡᠷᠡᠭᠦᠯᠬᠦ ᠬᠤᠷᠠᠯ ᠲᠦᠷᠦᠬᠦᠬᠡᠨ ᠴᠢᠩᠳᠣᠤ ᠬᠤᠳᠠ ᠳᠤ ᠦᠨᠳᠤᠷᠯᠡᠵᠤ᠂ ᠬᠠᠮᠢᠶ᠎ᠠ ᠪᠦᠬᠦᠢ ᠰᠢᠯᠭᠠᠷᠠᠭᠤᠯᠤᠯᠳᠠ ᠶᠢᠨ ᠦᠷ᠎ᠠ ᠳ᠋ᠦᠩ ᠢ ᠨᠡᠶᠢᠳᠡᠯᠡᠭᠰᠡᠨ ᠪᠠᠶᠢᠨ᠎ᠠ᠃ ᠡᠬᠦᠨ ᠳᠤ ᠬᠥᠬᠡᠬᠤᠲᠠ ᠪᠤᠯᠤᠨ ᠬᠦᠬᠡᠬᠤᠳᠠ ᠶᠢᠨ ᠰᠢᠨ᠎ᠠ ᠬᠤᠳᠠ ᠲᠤᠭᠤᠷᠢᠭ ᠤᠨ ᠪᠤᠷᠤᠬᠤᠰᠢᠭᠤ ᠪᠠᠯᠭᠠᠰᠤᠨ ᠤ ᠤᠪᠤᠭ᠎ᠠ ᠲᠤᠰᠬᠤᠨ ᠰᠢᠯᠭᠠᠷᠠᠭᠤᠯᠤᠯᠲᠠ ᠳᠤ ᠣᠷᠣᠯᠴᠠᠭᠰᠠᠨ ᠪᠥᠬᠦ ᠤᠯᠤᠰ ᠤᠨ 50 ᠭᠠᠷᠤᠶ ᠨᠢᠭᠡᠴᠢ ᠶᠢᠨ ᠳᠣᠲᠣᠷ᠎ᠠ ᠠᠴᠠ ᠴᠣᠯᠭᠤᠷᠠᠨ ᠭᠠᠷᠴᠤ᠂ ᠲᠤᠰᠪᠦᠷᠢ ︽ᠳᠤᠮᠳᠠᠳᠤ ᠤᠯᠤᠰ ᠤᠨ ᠬᠠᠮᠤᠭ ᠤᠨ ᠣᠨᠴᠠᠯᠢᠭ ᠲᠠᠢ ᠰᠣᠶᠣᠯ ᠵᠢᠭᠤᠯᠴᠢᠯᠠᠯ ᠤᠨ ᠬᠤᠲᠠ︾ ᠪᠠ ︽ᠳᠤᠮᠳᠠᠳᠤ ᠤᠯᠤᠰ ᠤᠨ ᠬᠠᠮᠤᠭ ᠤᠨ ᠭᠤᠶᠣ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠤᠨ ᠬᠠᠷᠠᠯᠳᠠᠳᠤ ᠭᠠᠵᠠᠷ︾ ᠤᠨ ᠲᠣᠮᠣ ᠱᠠᠩᠨᠠᠯ ᠢ ᠭᠥᠷᠳᠡᠪᠡ᠃       2021 ᠳᠤᠮᠳᠠᠳᠤ ᠤᠯᠤᠰ ᠤᠨ ᠰᠢᠯᠢᠳᠡᠭ ᠵᠢᠭᠤᠯᠴᠢᠯᠠᠯ ᠤᠨ ᠨᠠᠷᠠᠲᠤ ᠲᠦᠷᠦᠯ ᠲᠡᠮᠳᠡᠭ ᠢ ᠳᠡᠯᠭᠡᠷᠡᠭᠦᠯᠬᠦ ᠬᠤᠷᠠᠯ ᠢ ᠳᠤᠮᠳᠠᠳᠤ ᠤᠯᠤᠰ ᠤᠨ ᠠᠽᠢᠶ᠎ᠠ ᠲᠢᠪ ᠤᠨ ᠠᠵᠤ ᠠᠬᠤᠢ ᠶᠢᠨ ᠬᠥᠭᠵᠢᠯᠲᠡ ᠶᠢᠨ ᠨᠡᠶᠢᠭᠡᠮᠯᠢᠭ ᠤᠨ ᠰᠡᠯᠡᠭᠦᠴᠡᠯ ᠤᠨ ᠠᠵᠤ ᠦᠢᠯᠡᠰ ᠢ ᠠᠬᠢᠭᠤᠯᠬᠤ ᠵᠥᠪᠯᠡᠯ᠂ ᠳᠤᠮᠳᠠᠳᠤ ᠤᠯᠤᠰ ᠤᠨ ᠬᠤᠪᠢᠰᠬᠠᠯ ᠤᠨ ᠰᠣᠶᠣᠯ ᠰᠤᠳᠤᠯᠭᠠᠨ ᠤ ᠨᠡᠶᠢᠭᠡᠮᠯᠢᠭ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠠᠵᠢᠯ ᠤᠨ ᠵᠥᠪᠯᠡᠯ ᠬᠠᠮᠲᠤᠷᠠᠨ ᠡᠷᠬᠢᠯᠡᠪᠡ᠃ ᠬᠤᠷᠠᠯ ᠳᠡᠭᠡᠷ᠎ᠡ᠂ ᠬᠥᠬᠡᠬᠤᠲᠠ ︽ᠦᠵᠡᠰᠬᠦᠯᠡᠩᠲᠦ ᠰᠠᠶᠢᠬᠠᠨ ᠬᠥᠬᠡᠬᠤᠲᠠ ᠲᠠᠯ᠎ᠠ ᠨᠤᠲᠤᠭ ᠤᠨ ᠬᠤᠳᠠ︾ ᠶᠢᠨ ᠤᠨᠴᠠᠯᠢᠬᠳᠤ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠤᠨ ᠲᠣᠭᠤᠷᠢᠨ ᠳᠤ᠂ ᠵᠣᠣ ᠵᠢᠶᠦ᠋ᠨ ᠰᠣᠶᠣᠯ ᠤᠨ ᠨᠠᠶᠢᠷ ᠢᠶᠠᠷ ᠭᠤᠤᠯ ᠪᠤᠯᠭᠠᠨ ᠬᠥᠬᠡᠬᠤᠲᠠ ᠶᠢᠨ ᠰᠢᠯᠢᠳᠡᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠠᠷᠢᠨ ᠰᠠᠶᠢᠬᠠᠨ ᠲᠠᠨᠢᠯᠴᠠᠭᠤᠯᠵᠦ ᠬᠤᠷᠠᠯ ᠤᠨ ᠠᠬᠤᠢ ᠳᠠᠯᠠᠪᠠᠢ ᠳᠤ ᠪᠠᠶᠢᠭᠰᠠᠨ ᠤᠳᠤᠷᠢᠳᠤᠯᠭ᠎ᠠ ᠪᠠ ᠵᠢᠭᠤᠯᠴᠢᠯᠠᠯ ᠤᠨ ᠡᠲᠡᠭᠡᠳ ᠤᠨ ᠬᠢᠨ ᠤ ᠬᠠᠮᠲᠤ ᠶᠢᠨ ᠨᠤᠲᠠᠯᠠᠯᠲᠠ ᠶᠢ ᠣᠯᠵᠠᠢ᠃ ᠠᠬᠤᠢ ᠲᠠᠯᠠᠪᠠᠢ ᠳᠤ ᠪᠠᠰᠠ 100 ᠭᠠᠷᠤᠢ ᠬᠤᠪᠢ ᠠᠳᠠᠯᠢ ᠪᠤᠰᠤ ᠲᠦᠷᠦᠯ ᠤᠨ ᠤᠬᠠᠭᠤᠯᠭ᠎ᠠ ᠶᠢᠨ ᠡᠳ᠋ ᠪᠣᠳᠠᠰ ᠲᠠᠷᠬᠠᠭᠠᠵᠤ᠂ ᠬᠥᠬᠡᠬᠤᠲᠠ ᠶᠢᠨ ᠰᠤᠶᠤᠯ ᠵᠢᠭᠤᠯᠴᠢᠯᠠᠯ ᠤᠨ ᠪᠠᠶᠢᠳᠠᠯ ᠢ ᠪᠦᠬᠦ ᠲᠠᠯ᠎ᠠ ᠪᠠᠷ ᠲᠠᠨᠢᠯᠴᠠᠭᠤᠯᠤᠭᠰᠠᠨ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ