ᠪᠣᠣ ᠭᠠᠩ  ᠾᠧ ᠬᠠᠢ ᠳ᠋ᠦᠩ ᠼᠤᠤ ᠰᠧ ᠶᠠᠩ ᠬᠤᠲᠠ ᠶᠢᠨ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠢ ᠤᠬᠠᠭᠤᠯᠤᠨ ᠮᠡᠳᠡᠭᠡᠯᠡᠬᠦ ᠰᠣᠨᠢᠨ ᠮᠡᠳᠡᠭᠡᠨ ᠤ ᠠᠵᠢᠯᠲᠠᠳ ᠢ ᠡᠷᠭᠢᠨ ᠦᠵᠡᠪᠡ
ᠨᠡᠶᠢᠲᠡᠯᠡᠭᠰᠡᠨ ᠴᠠᠭ᠄
2021/9/27
      ︵ᠰᠤᠷᠪᠤᠯᠵᠢᠯᠠᠭᠴᠢ ᠶᠦᠨ ᠵᠢᠩ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠡᠬᠢᠯᠡᠬᠦ ᠶᠢᠨ ᠡᠮᠦᠨᠡᠬᠡᠨ᠂ 9 ᠳ᠋ᠦ᠋ᠭᠡᠷ ᠰᠠᠷ᠎ᠠ ᠶᠢᠨ 26 ᠤ ᠦᠳᠡ ᠶᠢᠨ ᠬᠤᠶᠢᠨ᠎ᠠ᠂ ᠪᠣᠣ ᠭᠠᠩ᠂ ᠡᡁᠧ ᠬᠠᠢ ᠳ᠋ᠦᠩ᠂ ᠼᠤᠤ ᠰᠧ ᠶᠠᠩ ᠵᠡᠷᠭᠡ ᠨᠥᠬᠦᠳ ᠶᠡᠭᠡ ᠬᠤᠷᠠᠯ ᠤᠨ ᠬᠠᠮ ᠵᠠᠭᠤᠴᠢᠯᠠᠭᠤᠷ ᠤᠨ ᠮᠡᠳᠡᠭᠡᠯᠡᠯ ᠤᠨ ᠲᠥᠪ ᠲᠤ ᠬᠦᠷᠴᠦ᠂ ᠲᠤᠰ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡᠯᠡᠯ ᠳᠤ ᠣᠷᠣᠯᠴᠠᠭᠰᠠᠨ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠭᠴᠢᠳ ᠢ ᠡᠷᠬᠢᠨ ᠦᠵᠡᠵᠦ᠂ ᠨᠢᠭᠡᠳᠦᠭᠡᠷ ᠹᠷᠣᠨᠲ ᠤᠨ ᠰᠣᠨᠢᠨ ᠮᠡᠳᠡᠭᠡᠨ ᠤ ᠠᠵᠢᠯᠲᠠᠳ ᠲᠤ ᠴᠢᠩ ᠰᠡᠳᠬᠢᠯ ᠤᠨ ᠲᠠᠯᠠᠷᠬᠠᠯ ᠪᠠ ᠪᠣᠯᠭᠤᠭᠠᠨ ᠲᠣᠬᠤᠨᠢᠭᠤᠯᠵᠤ ᠪᠠᠶᠢᠭ᠎ᠠ ᠪᠠᠨ ᠢᠯᠡᠳᠬᠡᠪᠡ᠃      ︽ᠣᠯᠠᠨ ᠢᠶᠠᠷ ᠢᠶᠠᠨ ᠵᠦᠳᠡᠷᠡᠯ᠎ᠡ︕︾ ᠶᠡᠭᠡ ᠬᠤᠷᠠᠯ ᠤᠨ ᠬᠠᠮ ᠵᠠᠭᠤᠴᠢᠯᠠᠭᠤᠷ ᠤᠨ ᠰᠤᠷᠪᠤᠯᠵᠢᠯᠠᠭ᠎ᠠ ᠶᠢᠨ ᠲᠠᠰᠤᠭ ᠪᠣᠯᠤᠨ ᠰᠣᠨᠢᠨ ᠮᠡᠳᠡᠭᠡᠨ ᠤ ᠲᠥᠪ ᠲᠤ ᠣᠷᠣᠮᠠᠭᠴᠠ᠂ ᠪᠣᠣ ᠭᠠᠩ ᠠᠵᠢᠯ ᠳᠠᠭᠠᠨ ᠶᠠᠭᠠᠷᠠᠵᠤ ᠪᠠᠶᠢᠭ᠎ᠠ ᠰᠣᠨᠢᠨ ᠮᠡᠳᠡᠭᠡᠨ ᠤ ᠠᠵᠢᠯᠲᠠᠳ ᠲᠠᠢ ᠨᠢᠭᠡᠳ ᠨᠢᠭᠡ ᠪᠠᠷ ᠭᠠᠷ ᠠᠳᠬᠤᠵᠤ᠂ ᠳᠣᠲᠣᠨᠣ ᠪᠠᠷ ᠶᠠᠷᠢᠯᠴᠠᠵᠤ᠂ ᠶᠡᠭᠡ ᠬᠤᠷᠠᠯ ᠤᠨ ᠤᠬᠠᠭᠤᠯᠤᠨ ᠮᠡᠳᠡᠭᠡᠯᠡᠬᠦ ᠠᠵᠢᠯ ᠢ ᠨᠠᠷᠢᠨ ᠣᠶᠢᠯᠠᠭᠠᠪᠠ᠃ ᠲᠡᠷᠡ᠂ ᠬᠤᠳᠠ ᠶᠢᠨ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠪᠦᠬᠦ ᠬᠤᠳᠠ ᠶᠢᠨ ᠳᠡᠭᠡᠳᠦ ᠲᠤᠤᠷᠠᠳᠤ ᠱᠠᠲᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠷᠴᠢ ᠵᠣᠷᠢᠭ ᠪᠠᠳᠠᠷᠠᠩᠭᠤᠢ ᠪᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠵᠤ ᠪᠠᠶᠢᠭ᠎ᠠ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠬᠤ ᠶᠡᠭᠡ ᠬᠤᠷᠠᠯ ᠪᠠᠶᠢᠵᠤ ᠣᠷᠣᠨ ᠤ ᠲᠥᠪ ᠬᠤᠲᠠ ᠶᠢᠨ ᠢᠷᠡᠭᠡᠳᠦᠢ ᠶᠢᠨ ᠲᠠᠪᠤᠨ ᠵᠢᠯ ᠤᠨ ᠬᠥᠭᠵᠢᠯᠲᠡ ᠳᠤ ᠬᠤᠯᠪᠣᠭᠳᠠᠨ᠂ ᠶᠡᠭᠡ ᠬᠤᠷᠠᠯ ᠤᠨ ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ᠂ ᠡᠭᠦᠷᠭᠡ ᠦᠩᠬᠡ ᠬᠡᠷᠡᠯᠳᠡᠢ ᠶᠤᠮ ᠭᠡᠵᠡᠢ᠃      ᠪᠣᠣ ᠭᠠᠩ ᠤᠯᠠᠨ ᠢ᠂ ︽ᠬᠦᠯ ᠤᠨ ᠰᠢᠨᠳᠠᠰᠤ᠂ ᠨᠢᠳᠦᠨ ᠤ ᠭᠢᠷᠠᠬᠠᠢ᠂ ᠤᠶᠤᠨ ᠤ ᠴᠢᠳᠠᠯ᠂ ᠦᠵᠦᠭ ᠤᠨ ᠡᠷᠳᠡᠮ︾ ᠢᠶᠠᠨ ᠴᠢᠷᠮᠠᠶᠢᠨ ᠴᠢᠩᠭᠠᠳᠬᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠨᠠᠷᠢᠨ ᠬᠢᠨᠠᠮᠠᠭᠠᠢ ᠠᠵᠢᠯ ᠤᠨ ᠰᠤᠷᠲᠠᠯ ᠢᠶᠠᠷ ᠨᠠᠮ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠴᠤᠭ ᠵᠢᠪᠬᠤᠭ᠎ᠠ ᠶᠢ ᠰᠠᠶᠢᠲᠤᠷ ᠬᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠬᠦᠴᠦᠷᠬᠡᠭ ᠶᠡᠭᠡ ᠢᠳᠡᠪᠬᠢ ᠬᠦᠴᠦᠨ ᠢ ᠰᠠᠶᠢᠲᠤᠷ ᠨᠢᠭᠲᠠᠷᠠᠭᠤᠯᠬᠤ ᠬᠡᠷᠡᠭᠲᠡᠢ ᠭᠡᠵᠦ ᠵᠣᠷᠢᠭᠵᠢᠭᠤᠯᠪᠠ᠃ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠤᠬᠠᠮᠰᠠᠷ ᠠᠴᠠ ᠪᠠᠨ ︽ᠳᠣᠲᠣᠭᠠᠳᠤ ᠳᠠᠭᠠᠨ ᠬᠦᠴᠦᠨ ᠢ ᠨᠢᠭᠲᠠᠷᠠᠭᠤᠯᠵᠤ᠂ ᠭᠠᠳᠠᠭᠰᠢ ᠳᠦᠷᠢ ᠲᠥᠷᠬᠦ ᠶᠢ ᠬᠠᠷᠠᠭᠤᠯᠬᠤ︾ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠭᠤᠣᠯ ᠵᠠᠭᠤᠴᠢᠯᠠᠭᠤᠷ ᠤᠨ ᠮᠡᠳᠡᠭᠡᠯᠡᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠳᠤᠷᠠᠨᠳᠠᠭᠤᠷ ᠢᠶᠠᠨ ᠦᠨᠳᠦᠰᠦᠨ ᠱᠠᠲᠤᠨ ᠤ ᠨᠠᠮ ᠤᠨ ᠲᠥᠯᠥᠭᠡᠯᠡᠭᠴᠢᠳ ᠲᠤ ᠬᠠᠨᠳᠤᠭᠤᠯᠵᠤ᠂ ᠵᠡᠭᠡᠯᠢ ᠭᠤᠳᠤᠮᠵᠢ ᠳᠤ ᠢᠯᠡᠭᠦᠬᠡᠨ ᠭᠠᠷᠴᠤ ᠤᠯᠠᠨ ᠲᠦᠮᠡᠨ ᠤ ᠰᠡᠳᠬᠢᠯ ᠤᠨ ᠳᠠᠭᠤᠨ ᠢ ᠰᠣᠨᠣᠰᠴᠤ᠂ ᠨᠠᠮ ᠤᠨ ᠳᠠᠭᠤᠨ ᠢ ᠣᠨᠣᠪᠴᠢᠲᠠᠢ ᠳᠠᠮᠵᠢᠭᠤᠯᠵᠤ᠂ ᠬᠤᠳᠠ ᠶᠢᠨ ᠠᠷᠠᠳ ᠤᠨ ᠲᠤᠰᠬᠠᠯ ᠢ ᠠᠩᠬᠠᠷᠴᠤ᠂ ᠠᠮᠵᠢᠯᠲᠠ ᠪᠦᠲᠦᠮᠵᠢ ᠬᠢᠯᠠᠰ ᠴᠡᠭ ᠢ ᠲᠥᠪᠯᠡᠷᠡᠭᠦᠯᠦᠨ ᠤᠬᠠᠭᠤᠯᠵᠤ᠂ ᠶᠡᠭᠡ ᠬᠤᠷᠠᠯ ᠤᠨ ᠭᠤᠣᠯᠳᠠᠯᠭ᠎ᠠ ᠶᠢ ᠴᠠᠭ ᠲᠤᠬᠠᠢ ᠳᠤᠨᠢ ᠮᠡᠳᠡᠭᠡᠯᠡᠵᠦ᠂ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠢ ᠭᠦᠨᠵᠡᠭᠡᠢ ᠲᠠᠶᠢᠯᠪᠤᠷᠢᠯᠠᠵᠤ᠂ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠠᠶᠢᠯᠪᠤᠷᠢᠯᠠᠵᠤ᠂ ᠶᠡᠭᠡ ᠬᠤᠷᠠᠯ ᠤᠨ ᠲᠡᠭᠦᠰ ᠠᠮᠵᠢᠯᠲᠠ ᠤᠯᠬᠤ ᠳᠤ ᠪᠠᠲᠤ ᠴᠢᠩᠭ᠎ᠠ ᠶᠠᠷᠢᠶ᠎ᠠ ᠬᠡᠯᠡᠯᠴᠡᠭᠡᠨ ᠤ ᠪᠠᠲᠤᠯᠠᠭ᠎ᠠ  ᠬᠠᠩᠭᠠᠬᠤ ᠶᠢ ᠬᠦᠰᠡᠵᠦ ᠪᠠᠶᠢᠨ᠎ᠠ ᠭᠡᠵᠡᠢ᠃  ᠭᠤᠣᠯ ᠵᠠᠭᠤᠴᠢᠯᠠᠭᠤᠷ ᠤᠨ ᠮᠡᠳᠡᠭᠡᠯᠡᠯ ᠤᠨ ᠤᠯᠠᠮᠵᠢᠯᠠᠨ ᠲᠠᠷᠬᠠᠭᠠᠬᠤ ᠬᠦᠴᠦᠨ᠂ ᠬᠥᠲᠥᠯᠥᠨ ᠵᠢᠯᠣᠭᠤᠳᠬᠤ ᠬᠦᠴᠦᠨ᠂ ᠨᠥᠯᠥᠭᠡᠯᠡᠬᠦ ᠬᠦᠴᠦᠨ᠂ ᠣᠯᠠᠨ ᠢ ᠢᠲᠡᠭᠡᠭᠦᠯᠬᠦ ᠬᠦᠴᠦᠨ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠠᠷᠠᠳ ᠣᠯᠠᠨ ᠤ ᠦᠵᠡᠵᠦ ᠰᠣᠨᠣᠰᠬᠤ ᠳᠤᠷᠠᠲᠠᠶ ᠬᠡᠯᠪᠡᠷᠢ ᠪᠠᠷ ᠬᠤᠲᠠ ᠶᠢᠨ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠭᠡᠯ ᠲᠦᠮᠡᠨ ᠤ ᠭᠡᠷ ᠲᠤ ᠬᠦᠷᠭᠡᠵᠦ᠂ ᠪᠦᠬᠦ ᠬᠤᠳᠠ ᠶᠢᠨ ᠠᠷᠠᠳ ᠲᠤ ᠣᠷᠣᠨ ᠤ ᠲᠥᠪ ᠬᠤᠲᠠ ᠶᠢᠨ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠬᠠᠷᠠᠯᠲᠠ ᠪᠣᠯᠤᠨ ᠰᠡᠳᠬᠢᠴᠡ ᠠᠷᠭ᠎ᠠ ᠬᠡᠮᠵᠢᠶ᠎ᠡ ᠶᠢ ᠮᠡᠳᠡᠭᠦᠯᠵᠦ᠂ ᠪᠦᠬᠦ ᠬᠤᠳᠠ ᠶᠢᠨ ᠺᠠᠳ᠋ᠷ ᠤᠯᠠᠨ ᠲᠦᠮᠡᠨ ᠤ ᠴᠤᠭ ᠰᠦᠯᠳᠡ ᠶᠢ ᠴᠢᠨᠠᠭᠰᠢᠳᠠ ᠪᠠᠳᠠᠷᠠᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠬᠤᠳᠠ ᠶᠢᠨ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭ᠎ᠠ ᠪᠣᠯᠤᠨ ᠬᠠᠮᠲᠤ ᠶᠢᠨ ᠠᠵᠢᠯᠯᠠᠭ᠎ᠠ ᠪᠣᠯᠭᠠᠨ ᠬᠤᠪᠢᠷᠠᠭᠤᠯᠵᠤ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠬᠠᠮᠲᠤ ᠪᠠᠷ ᠲᠡᠮᠡᠴᠡᠬᠦ ᠦᠵᠡᠯ ᠰᠠᠨᠠᠭ᠎ᠠ ᠪᠣᠯᠤᠨ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠡᠢ᠃       ᠲᠠᠩ ᠶᠦᠩ᠂ ᠯᠢᠦ ᠵᠢᠢ ᠶᠢᠩ ᠵᠡᠷᠭᠡ ᠨᠥᠬᠦᠳ ᠡᠷᠬᠢᠨ ᠦᠵᠡᠬᠦ ᠳᠤ ᠬᠠᠮᠲᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ