︽ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ ᠢᠲᠡᠭᠡᠯ ᠲᠠᠢ ᠨᠡᠶᠢᠭᠡᠮ ᠢ ᠪᠠᠶᠢᠭᠤᠯᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/9/27
res01_attpic_brief (8).jpg
      ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠲᠤᠰᠠᠯᠠᠵᠤ᠂ ᠢᠲᠡᠭᠡᠯ ᠲᠠᠢ ᠬᠠᠤᠯᠢ ᠵᠢᠷᠤᠮ  ᠲᠠᠢ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠣᠷᠴᠢᠮ᠂ ᠬᠤᠲᠠ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ᠂ ᠬᠤᠲᠠ ᠶᠢᠨ ᠬᠥᠨᠳᠡᠯᠡᠨ ᠠᠴᠠ ᠲᠠᠰᠤᠯᠬᠤ ᠵᠥᠪᠯᠡᠯ ᠠᠴᠠ ᠿᠧᠨ ᠾᠧ ᠬᠤᠷᠢᠶᠠᠯᠠᠯ ᠳᠤ ︽ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ ᠢᠲᠡᠭᠡᠯ ᠲᠠᠢ ᠨᠡᠶᠢᠭᠡᠮ ᠢ ᠪᠠᠶᠢᠭᠤᠯᠬᠤ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠠᠵᠢᠯᠲᠠᠳ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠳᠦᠷᠢᠮ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠨᠳᠡᠯᠡᠨ ᠠᠴᠠ ᠲᠠᠰᠤᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠳᠦᠷᠢᠮ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠮᠠᠲ᠋ᠧᠷᠢᠶᠠᠯ᠂ ᠬᠦᠨᠳᠦ ᠢᠲᠡᠭᠡᠯ ᠠᠯᠳᠠᠭᠰᠠᠨ ᠭᠤᠣᠯ ᠴᠣᠭᠴᠠ ᠶᠢ ᠰᠢᠢᠳᠬᠡᠨ ᠴᠡᠭᠡᠷᠯᠡᠭᠦᠯᠬᠦ ᠠᠷᠭ᠎ᠠ ᠬᠡᠮᠵᠢᠶ᠎ᠡ᠂ ᠢᠲᠡᠭᠡᠯ ᠲᠠᠢ ᠭᠤᠣᠯ ᠴᠣᠭᠴᠠ ᠶᠢ ᠬᠦᠬᠢᠭᠦᠯᠦᠨ ᠤᠷᠮᠠᠰᠢᠭᠤᠯᠬᠤ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢᠨ ᠲᠣᠭᠤᠷᠢᠨ ᠳᠤ ᠣᠯᠠᠨ ᠲᠦᠮᠡᠨ ᠳᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠪᠡ᠃ ᠰᠤᠷᠪᠤᠯᠵᠢᠯᠠᠭᠴᠢ ᠯᠢᠦᠢ ᠬᠤᠢ ᠱᠧᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ