ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/9/28
9.28县委书记李六小赴县纪委监委调研.jpg
      9 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠤᠯᠤᠰ ᠲᠥᠷᠥ ᠶᠢᠨ ᠬᠢᠨᠠᠯᠲᠠ ᠲᠠᠯᠪᠢᠬᠤ ᠪᠠᠲᠤᠯᠠᠭ᠎ᠠ ᠶᠢ ᠴᠢᠩᠭᠠᠳᠬᠠᠵᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠠᠮᠢᠭ᠎ᠠ ᠬᠦᠷᠲᠡᠯ᠎ᠡ ᠪᠠᠶᠢᠷᠢᠯᠠᠭᠤᠯᠪᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠤᠯᠤᠰ ᠲᠥᠷᠥ ᠶᠢᠨ ᠬᠢᠨᠠᠯᠲᠠ ᠶᠢ ᠲᠡᠨᠳᠡ ᠬᠦᠷᠲᠡᠯ᠎ᠡ ᠳᠠᠭᠠᠵᠤ᠂ ᠨᠠᠮ ᠤᠨ ᠣᠨᠣᠯ ᠤᠨ ᠰᠢᠨ᠎ᠡ ᠶᠢ ᠡᠭᠦᠳᠬᠦ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠭᠤᠯᠵᠤ᠂ ᠠᠵᠢᠯ ᠢᠶᠠᠨ ᠳᠥᠯᠭᠢᠨ ᠠᠬᠢᠭᠤᠯᠵᠤ᠂ ᠬᠤᠷᠢᠨᠭᠡᠷ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠳᠥᠯᠭᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃       ᠯᠢ ᠯᠢᠦ ᠰᠢᠶᠤᠤ ᠨᠠᠷ ᠤᠷᠢᠳ ᠬᠤᠵᠢᠳ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠢᠨ᠎ᠡ ᠪᠠᠷ ᠪᠠᠶᠢᠭᠤᠯᠤᠭᠰᠠᠨ ᠶᠠᠷᠢᠯᠴᠠᠬᠤ ᠲᠠᠰᠤᠭ᠂ ᠡᠯ᠎ᠡ ᠳᠣᠲᠣᠭᠠᠳᠤ ᠶᠠᠮᠤᠨ ᠲᠠᠰᠤᠭ ᠵᠡᠷᠭᠡ ᠭᠠᠵᠠᠷ ᠲᠤ ᠬᠦᠷᠴᠦ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠥᠪᠯᠡᠯ ᠤᠨ ᠡᠯ᠎ᠡ ᠰᠠᠯᠠᠭ᠎ᠠ ᠮᠥᠴᠢᠷ ᠤᠨ ᠠᠵᠢᠯ ᠤᠨ ᠲᠤᠰᠢᠶᠠᠯ ᠬᠠᠷᠢᠭᠤᠴᠠᠯᠭ᠎ᠠ᠂ ᠠᠯᠪᠠᠨ ᠬᠡᠷᠡᠭᠯᠡᠭᠡᠨ ᠤ ᠣᠷᠣᠨ ᠰᠠᠭᠤᠴᠠ ᠶᠢᠨ ᠲᠤᠬᠢᠷᠠᠭᠤᠯᠤᠯᠳᠠ᠂ ᠠᠵᠢᠯᠳᠠᠨ ᠤ ᠣᠷᠣᠨ ᠲᠤᠭ᠎ᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠠ ᠯᠠᠪᠯᠠᠨ ᠠᠰᠠᠭᠤᠵᠤ᠂ ᠪᠦᠬᠦ ᠰᠢᠶᠠᠨ ᠤ ᠬᠢᠨᠠᠨ ᠪᠠᠶᠢᠴᠠᠭᠠᠵᠤ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠪᠠ᠃       ᠯᠢ ᠯᠢᠦ ᠰᠢᠶᠤᠤ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ᠂ ᠪᠦᠬᠦ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠡᠯ᠎ᠡ ᠵᠦᠢᠯ ᠤᠨ ᠠᠵᠢᠯ ᠯᠠᠪᠳᠠᠭᠤᠨ ᠪᠠᠲᠤᠲᠠᠢ ᠪᠥᠭᠡᠳ ᠬᠦᠴᠦᠨ ᠲᠠᠢ ᠪᠣᠯᠵᠠᠢ᠃ ᠲᠠᠷᠠᠭᠠᠴᠢ ᠶᠢᠨ ᠠᠯᠬᠤᠮ ᠳᠤ ᠦᠷᠭᠦᠯᠵᠢᠯᠡᠨ ᠤᠯᠤᠰ ᠲᠦᠷᠦ ᠶᠢᠨ ᠪᠠᠶᠢᠭᠤᠯᠤᠯᠲᠠ ᠪᠠᠷ ᠨᠢᠭᠡᠳᠦᠯᠲᠡᠢ ᠵᠢᠯᠤᠭᠤᠳᠤᠯᠭ᠎ᠠ ᠪᠣᠯᠭᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠢᠲᠡᠭᠡᠯ ᠪᠢᠰᠢᠷᠡᠯ ᠢᠶᠠᠨ ᠪᠠᠲᠤᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠤᠬᠠᠮᠰᠠᠷ ᠠᠴᠠ ᠪᠠᠨ ᠪᠡᠶᠡᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠤ᠂ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠵᠦ᠂ ︽ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠵᠠᠳᠠᠯᠬᠤ᠂ ᠠᠰᠠᠭᠤᠳᠠᠯ ᠢ ᠰᠢᠢᠳᠪᠦᠷᠢᠯᠡᠬᠦ︾ ᠬᠢᠨᠠᠯᠲᠠ ᠲᠠᠯᠪᠢᠬᠤ ᠠᠵᠢᠯ ᠤᠨ ᠪᠢᠲᠡᠭᠦᠦ ᠴᠠᠭᠠᠷᠢᠭ ᠢ ᠪᠦᠷᠢᠯᠳᠦᠭᠦᠯᠬᠦ ᠬᠡᠷᠡᠭᠲᠡᠢ᠃ ᠴᠢᠩᠭ᠎ᠠ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠢᠯᠵᠠᠷᠠᠯ ᠢ ᠡᠷᠡᠰ ᠵᠠᠯᠬᠠᠭᠠᠨ ᠰᠢᠳᠬᠡᠵᠦ᠂ ᠬᠤᠷᠢᠭᠠᠲᠤ ᠣᠷᠣᠨ ᠦᠭᠡᠢ᠂ ᠪᠦᠬᠦᠨ ᠢ ᠬᠠᠮᠤᠷᠬᠤ᠂ ᠥᠴᠦᠬᠡᠨ ᠴᠦ ᠬᠦᠯᠢᠴᠡᠬᠦ ᠦᠭᠡᠢ ᠪᠠᠶᠢᠬᠤ ᠶᠢ ᠪᠠᠷᠢᠮᠲᠠᠯᠠᠵᠤ᠂ ᠴᠢᠩᠭ᠎ᠠ ᠬᠤᠷᠢᠭᠯᠠᠬᠤ᠂ ᠴᠢᠩᠭ᠎ᠠ ᠳᠠᠷᠤᠯᠲᠠ ᠦᠵᠡᠭᠦᠯᠬᠦ᠂ ᠤᠷᠳᠤ ᠬᠤᠭᠤᠴᠠᠭ᠎ᠠ ᠪᠠᠷ ᠰᠦᠷᠳᠡᠭᠦᠯᠬᠦ ᠶᠢ ᠪᠠᠷᠢᠮᠲᠠᠯᠠᠵᠤ᠂ ᠢᠮᠠᠭᠲᠠ ᠢᠯᠵᠠᠷᠠᠯ ᠪᠠᠶᠢᠪᠠᠯ ᠵᠠᠪᠠᠯ ᠡᠰᠡᠷᠭᠦᠴᠡᠬᠦ᠂ ᠱᠠᠮᠰᠢᠯ ᠪᠠᠶᠢᠪᠠᠯ ᠵᠠᠪᠠᠯ ᠠᠷᠢᠯᠭᠠᠬᠤ ᠶᠢ ᠪᠡᠶᠡᠯᠡᠭᠦᠯᠵᠦ᠂ ᠢᠯᠵᠠᠷᠠᠬᠤ ᠵᠣᠷᠢᠭ ᠦᠭᠡᠢ᠂ ᠢᠯᠵᠠᠷᠠᠵᠤ ᠴᠢᠳᠠᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠬᠡᠷᠡᠭᠲᠡᠢ ᠭᠡᠪᠡ᠃       ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠱᠧᠨ ᠰᠢᠶᠤᠤ ᠳ᠋ᠦᠩ᠂ ᠰᠢᠶᠠᠨ ᠤ ᠳᠡᠳ᠋ ᠳᠠᠷᠤᠭ᠎ᠠ ᠯᠢᠦᠶ ᠶᠣᠣ ᠯᠦᠩ ᠵᠢᠴᠢ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ