ᠾᠧ ᠬᠠᠢ ᠳ᠋ᠦᠩ ᠭᠤᠷᠪᠠᠳᠤᠭᠠᠷ ᠲᠥᠯᠥᠭᠡᠯᠡᠭᠴᠢᠳ ᠤᠨ ᠪᠦᠯᠬᠦᠮ ᠤᠨ ᠳᠤᠭᠤᠶᠢᠯᠠᠩ ᠬᠤᠪᠢᠶᠠᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠣᠷᠣᠨ ᠤ ᠲᠥᠪ ᠬᠤᠲᠠ ᠶᠢ ᠦᠷᠢᠰᠦᠯᠳᠦᠬᠦ ᠬᠦᠴᠦᠨ ᠲᠠᠢ ᠨᠥᠯᠥᠭᠡᠯᠡᠬᠦ ᠬᠦᠴᠦᠨ ᠲᠠᠢ ᠲᠠᠲᠠᠬᠤ ᠬᠦᠴᠦᠨ ᠲᠠᠢ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠪᠣᠯᠭᠠᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ
ᠨᠡᠶᠢᠲᠡᠯᠡᠭᠰᠡᠨ ᠴᠠᠭ᠄
2021/9/28
      9 ᠳ᠋ᠦ᠋ᠭᠡᠷ ᠰᠠᠷ᠎ᠠ ᠶᠢᠨ 27 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠨᠠᠮ ᠤᠨ ᠲᠥᠯᠥᠭᠡᠯᠡᠭᠴᠢᠳ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ᠂ ᠾᠧ ᠬᠠᠶ ᠳ᠋ᠦᠩ ᠨᠥᠬᠦᠷ ᠭᠤᠷᠪᠠᠳᠤᠭᠠᠷ ᠲᠥᠯᠥᠭᠡᠯᠡᠭᠴᠢᠳ ᠤᠨ ᠪᠦᠯᠬᠦᠮ ᠤᠨ ᠨᠠᠮ ᠤᠨ ᠲᠥᠯᠥᠭᠡᠯᠡᠭᠴᠢᠳ ᠲᠠᠢ ᠬᠠᠮᠲᠤᠪᠠᠷ ᠮᠡᠳᠡᠭᠦᠯᠦᠯᠲᠡ ᠶᠢ ᠬᠢᠨᠠᠨ ᠵᠥᠪᠯᠡᠪᠡ᠃       ᠬᠤᠷᠠᠯ ᠤᠨ ᠲᠠᠯᠠᠪᠠᠢ ᠳᠤ᠂ ᠲᠥᠯᠥᠭᠡᠯᠡᠭᠴᠢᠳ ᠮᠡᠳᠡᠭᠦᠯᠦᠯᠲᠡ ᠶᠢᠨ ᠲᠣᠭᠤᠷᠢᠨ ᠳᠤ ᠢᠳᠡᠪᠬᠢᠲᠡᠢ ᠶᠠᠷᠢᠯᠴᠠᠵᠤ᠂ ᠭᠦᠸᠧ ᠰᠢᠶᠤᠤ ᠪᠢᠨ᠂ ᠵᠢᠶᠠ ᠴᠧᠨ ᠶᠠᠨ᠂ ᠯᠢᠦᠢ ᠫᠧᠩ᠂ ᠯᠢᠦ ᠶᠠᠨ ᠯᠢᠨ ᠵᠡᠷᠭᠡ ᠨᠥᠬᠦᠳ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠾᠧ ᠬᠠᠢ ᠳ᠋ᠦᠩ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠲᠥᠯᠥᠭᠡᠯᠡᠭᠴᠢᠳ ᠲᠠᠢ ᠤᠯᠠᠮ ᠴᠢᠨᠠᠭᠰᠢᠳᠠ ᠲᠠᠶᠢᠯᠤᠮᠵᠢ ᠬᠢᠵᠦ ᠰᠠᠨᠠᠯ ᠢᠶᠠᠨ ᠰᠣᠯᠢᠯᠴᠠᠪᠠ᠃      ᠡᡁᠧ ᠬᠠᠢ ᠳ᠋ᠦᠩ ᠬᠡᠯᠡᠬᠦ ᠳᠡᠭᠡᠨ᠂ ᠮᠡᠳᠡᠭᠦᠯᠦᠯᠲᠡ ᠨᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠴᠢᠭ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠤᠬᠠᠮᠰᠠᠷ ᠢ ᠬᠠᠷᠠᠭᠤᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠵᠠᠮ ᠨᠡᠭᠡᠭᠡᠨ ᠰᠢᠨ᠎ᠡ ᠶᠢ ᠡᠭᠦᠳᠬᠦ᠂ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠬᠤ ᠰᠠᠶᠢᠨ ᠮᠡᠳᠡᠭᠦᠯᠦᠯᠲᠡ ᠪᠣᠯᠣᠯ᠎ᠠ᠃ ᠮᠡᠳᠡᠭᠦᠯᠦᠯᠲᠡ ᠳᠤ ᠬᠤᠶᠢᠰᠢᠳᠠ ᠶᠢᠨ ᠲᠠᠪᠤᠨ ᠵᠢᠯ ᠤᠨ ᠪᠦᠬᠦ ᠬᠤᠲᠠ ᠶᠢᠨ ᠬᠥᠭᠵᠢᠯᠲᠡ ᠶᠢᠨ ᠶᠡᠷᠦᠩᠬᠡᠶ ᠰᠡᠳᠬᠢᠴᠡ ᠶᠢ ᠲᠣᠳᠣᠷᠬᠠᠶ ᠳᠤᠷᠠᠳᠴᠤ᠂ ᠴᠢᠳᠠᠮᠵᠢ ᠶᠢᠨ ᠪᠠᠶᠢᠷᠢ ᠲᠣᠭᠲᠠᠭᠠᠯᠲᠠ᠂ ᠠᠵᠤ ᠦᠢᠯᠡᠰ ᠤᠨ ᠪᠠᠶᠢᠷᠢ ᠲᠣᠭᠲᠠᠭᠠᠯᠲᠠ᠂ ᠨᠡᠭᠡᠭᠡᠯᠲᠡ ᠶᠢᠨ ᠪᠠᠶᠢᠷᠢ ᠲᠣᠭᠲᠠᠭᠠᠯᠲᠠ᠂ ᠬᠤᠲᠠ ᠶᠢᠨ ᠪᠠᠶᠢᠷᠢ ᠲᠣᠭᠲᠠᠭᠠᠯᠲᠠ ᠶᠢᠨ ᠲᠠᠯ᠎ᠠ ᠪᠠᠷ᠂ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠶ ᠲᠥᠪ ᠬᠤᠲᠠ ᠶᠢ ᠪᠥᠲᠥᠭᠡᠨ ᠪᠠᠶᠢᠭᠤᠯᠬᠤ ᠪᠣᠯ ︽ᠶᠡᠷᠦᠩᠬᠡᠶ ᠬᠠᠷᠠᠯᠲᠠ︾ ᠮᠥᠨ᠂ ᠪᠥᠬᠦ ᠣᠷᠣᠨ ᠳᠤ ︽ᠡᠮᠦᠨ᠎ᠡ ᠨᠢ ᠶᠠᠪᠤᠵᠤ ᠂ ᠥᠯᠢᠭᠡᠷ ᠳᠠᠭᠤᠷᠢᠶᠠᠯ ᠪᠣᠯᠬᠤ︾ ᠪᠣᠯ ︽ᠶᠡᠷᠦᠩᠬᠡᠶ ᠱᠠᠭᠠᠷᠳᠠᠯᠭ᠎ᠠ︾ ᠮᠥᠨ᠂ ︽ᠭᠤᠷᠪᠠᠨ ᠬᠤᠲᠠ︾ ᠶᠢ ᠴᠢᠷᠮᠠᠶᠢᠨ ᠡᠭᠦᠳᠬᠦ ᠪᠣᠯ ︽ᠭᠠᠷᠳᠠᠴᠠ︾ ᠮᠥᠨ᠂ ︽ᠳᠥᠷᠪᠡᠨ ᠣᠷᠣᠨ ᠪᠦᠰᠡ ᠶᠢᠨ ᠲᠥᠪ᠂ ᠳᠥᠷᠪᠡᠨ ᠶᠡᠭᠡ ᠠᠵᠤ ᠠᠬᠤᠶ ᠶᠢᠨ ᠲᠣᠭᠤᠷᠢᠭ᠂ ᠲᠠᠪᠤᠨ ᠲᠣᠬᠢᠷᠠᠮᠵᠢᠲᠠᠶ ᠬᠤᠲᠠ᠂ ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠢ ᠪᠠᠶᠢᠭᠤᠯᠬᠤ ᠪᠣᠯ ︽ᠶᠡᠷᠦᠩᠬᠡᠶ ᠬᠠᠷᠠᠯᠲᠠ︾ ᠶᠢ ᠪᠡᠶᠡᠯᠡᠭᠦᠯᠬᠦ ᠶᠢᠨ ︽ᠳᠥᠷᠪᠡᠨ ᠶᠡᠭᠡ ᠲᠤᠯᠭᠠᠭᠤᠷᠢ︾ ᠮᠥᠨ᠃ ᠣᠷᠣᠨ ᠤ ᠲᠥᠪ ᠬᠤᠲᠠ ᠶᠢᠨ ᠪᠣᠶ ᠪᠥᠬᠦᠶ ᠠᠵᠢᠯ ᠢ ᠴᠥᠮ ︽ᠶᠡᠷᠦᠩᠬᠡᠶ ᠬᠠᠷᠠᠯᠲᠠ︾ ᠶᠢᠨ ᠲᠣᠭᠤᠷᠢᠨ ᠳᠤ ᠲᠥᠯᠥᠪᠵᠢᠭᠦᠯᠵᠦ᠂ ᠬᠥᠬᠡᠬᠤᠲᠠ ᠶᠢ ᠥᠷᠢᠰᠦᠯᠳᠦᠬᠦ ᠬᠦᠴᠦᠨ ᠲᠠᠢ᠂ ᠨᠥᠯᠥᠭᠡᠯᠡᠬᠦ ᠬᠦᠴᠦᠨ ᠲᠠᠢ᠂ ᠲᠠᠲᠠᠬᠤ ᠬᠦᠴᠦᠨ ᠲᠠᠢ᠂ ᠳᠠᠭᠠᠭᠠᠴᠠ ᠲᠠᠢ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ ᠭᠡᠵᠡᠢ᠃      ᠬᠤᠷᠢᠨᠭᠡᠷ ᠰᠢᠶᠠᠨ ᠤ ᠬᠥᠭᠵᠢᠯᠲᠡ ᠶᠢᠨ ᠲᠤᠬᠠᠢ ᠾᠧ ᠬᠠᠶ ᠳ᠋ᠦᠩ ᠵᠢᠭᠠᠵᠤ ᠭᠠᠷᠭᠠᠭᠰᠠᠨ ᠨᠢ᠂ ᠪᠥᠬᠦ ᠬᠤᠲᠠ ᠶᠢᠨ ᠶᠡᠷᠦᠩᠬᠡᠶ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠨᠢᠭᠡᠨᠲᠡ ᠲᠣᠳᠣᠷᠬᠠᠶ ᠪᠣᠯᠵᠠᠶ᠂ ᠬᠤᠷᠢᠨᠭᠡᠷ ᠰᠢᠶᠠᠨ ᠤ ᠬᠢᠨ ᠪᠠᠶᠢᠷᠢ ᠲᠣᠭᠲᠠᠭᠠᠯᠲᠠ ᠪᠠᠨ ᠣᠯᠵᠤ᠂ ᠭᠤᠤᠯᠳᠠᠯᠭ᠎ᠠ ᠶᠢ ᠡᠷᠢᠵᠦ᠂ ᠲᠥᠷᠥᠯ ᠵᠦᠢᠯ ᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠶ᠃ ᠥᠪᠡᠷ ᠢ ᠪᠠᠨ ᠪᠦᠬᠦ ᠬᠤᠲᠠ᠂ ᠪᠦᠬᠦ ᠣᠷᠣᠨ᠂ ᠪᠦᠬᠦ ᠤᠯᠤᠰ ᠤᠨ ᠶᠡᠭᠡ ᠣᠷᠴᠢᠨ ᠳᠤ ᠲᠠᠯᠪᠢᠵᠤ᠂ ᠬᠤᠶᠢᠰᠢᠳᠠ ᠶᠢᠨ ᠲᠠᠪᠤᠨ ᠵᠢᠯ ᠳᠤ ᠨᠢᠭᠡᠨ ᠲᠣᠳᠣᠷᠬᠠᠶ᠂ ᠲᠣᠭᠲᠠᠭᠰᠠᠨ ᠪᠠᠶᠢᠷᠢ ᠲᠣᠭᠲᠠᠭᠠᠯᠲᠠ ᠪᠠ ᠲᠥᠯᠥᠪᠵᠢᠭᠦᠯᠭᠡ ᠲᠠᠢ ᠪᠠᠶᠢᠵᠤ᠂ ᠮᠡᠳᠡᠭᠦᠯᠦᠯᠲᠡ ᠳᠤ ᠲᠣᠭᠲᠠᠭᠠᠭᠰᠠᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠵᠢᠯ ᠪᠦᠷᠢ ᠶᠢᠨ ᠡᠭᠦᠷᠭᠡ ᠪᠠᠨ ᠨᠠᠷᠢᠨ ᠬᠢᠨᠠᠮᠠᠭᠠᠶ ᠰᠤᠳᠤᠯᠤᠨ ᠡᠮᠬᠢᠯᠡᠵᠦ᠂ ᠪᠦᠬᠦ ᠰᠢᠶᠠᠨ ᠤ ᠳᠡᠭᠡᠳᠦ ᠲᠤᠤᠷᠠᠳᠤ ᠱᠠᠳᠤ ᠶᠢ ᠵᠢᠯᠣᠭᠤᠳᠴᠤ᠂ ᠬᠠᠮᠲᠤ ᠶᠢᠨ ᠬᠠᠷᠠᠯᠲᠠ ᠶᠢ ᠴᠢᠭᠯᠡᠵᠦ᠂ ᠨᠢᠭᠡ ᠨᠢᠭᠡ ᠠᠯᠬᠤᠮ ᠢᠶᠠᠷ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠪᠦᠬᠦ ᠬᠤᠳᠠ ᠶᠢᠨ ᠡᠭᠦᠷᠭᠡ ᠬᠠᠷᠠᠯᠲᠠ ᠶᠢ ᠪᠡᠶᠡᠯᠡᠭᠦᠯᠬᠦ ᠶᠠᠪᠤᠴᠠ ᠳᠤ ᠬᠤᠷᠢᠨᠭᠡᠷ ᠰᠢᠶᠠᠨ ᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃ ︽ᠲᠦᠷᠦᠯ ᠵᠦᠢᠯ ᠢ ᠶᠡᠬᠡᠪᠡᠷ ᠠᠳᠬᠤᠬᠤ᠂ ᠶᠡᠭᠡ ᠲᠦᠷᠦᠯ ᠵᠦᠢᠯ ᠢ ᠠᠳᠬᠤᠬᠤ᠂ ᠶᠡᠭᠡ ᠤᠳᠤᠷᠢᠳᠤᠯᠭ᠎ᠠ ᠲᠦᠷᠦᠯ ᠵᠦᠢᠯ ᠢ ᠠᠳᠬᠤᠬᠤ︾ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠬᠦᠴᠦᠨ ᠵᠦᠢᠯ ᠠᠴᠠ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠬᠢᠶ᠎ᠡ ᠭᠡᠪᠡᠯ ᠳᠠᠷᠤᠶ ᠲᠦᠷᠭᠡᠨ ᠬᠢᠵᠦ᠂ ᠠᠵᠢᠯ ᠢᠶᠠᠨ ᠪᠦᠲᠦᠭᠡᠬᠦ ᠬᠡᠷᠡᠭᠲᠡᠶ᠂ ᠨᠠᠩ ᠴᠤ ᠰᠠᠶᠢᠲᠤᠷ ᠬᠢᠬᠦ ᠬᠡᠷᠡᠭᠲᠡᠶ᠂ ᠠᠵᠢᠯ ᠳᠠᠭᠠᠨ ᠭᠤᠶᠠᠴᠢ ᠥᠬᠡᠶ᠂ ᠥᠪᠡᠷ ᠤᠨ ᠰᠡᠳᠬᠢᠯ ᠳᠡᠭᠡᠨ ᠭᠤᠶᠠᠴᠢ ᠥᠬᠡᠶ ᠪᠠᠶᠢᠵᠤ᠂ ᠬᠤᠷᠢᠨᠭᠡᠷ ᠰᠢᠶᠠᠨ ᠤ ᠡᠯ᠎ᠡ ᠵᠦᠢᠯ ᠤᠨ ᠠᠵᠢᠯ ᠢ ︽ᠭᠦᠶᠦᠯᠭᠡᠵᠦ︾᠂ ᠣᠷᠣᠨ ᠤ ᠲᠥᠪ ᠬᠤᠲᠠ ᠶᠢ ᠦᠨᠡᠨᠬᠦ ︽ᠲᠦᠷᠦᠭᠦᠯᠡᠭᠦᠯᠬᠦ︾ ᠬᠡᠷᠡᠭᠲᠡᠶ ᠭᠡᠵᠡᠢ᠃ ︵ᠯᠢ ᠬᠠᠶ ᠵᠧᠨ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ