ᠪᠣᠣ ᠭᠠᠩ ᠨᠢᠭᠡᠳᠦᠭᠡᠷ᠂ ᠵᠢᠷᠭᠤᠳᠤᠭᠠᠷ᠂ ᠠᠷᠪᠠᠳᠤᠭᠠᠷ᠂ ᠠᠷᠪᠠᠨ ᠨᠢᠭᠡᠳᠦᠭᠡᠷ ᠲᠥᠯᠥᠭᠡᠯᠡᠭᠴᠢᠳ ᠤᠨ ᠪᠦᠯᠬᠦᠮ ᠤᠨ ᠳᠤᠭᠤᠶᠢᠯᠠᠩ ᠬᠤᠪᠢᠶᠠᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠯᠲᠡ ᠶᠢ ᠠᠳᠬᠤᠵᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠰᠢᠨ᠎ᠡ ᠠᠶᠠᠨ ᠵᠠᠮ ᠳᠠᠬᠢ ᠬᠥᠬᠡᠬᠤᠲᠠ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ
ᠨᠡᠶᠢᠲᠡᠯᠡᠭᠰᠡᠨ ᠴᠠᠭ᠄
2021/9/28
      ︵ᠰᠤᠷᠪᠤᠯᠵᠢᠯᠠᠭᠴᠢ ᠹᠧᠩ ᠶᠠᠨ ᠫᠢᠩ︶ 9 ᠳ᠋ᠦ᠋ᠭᠡᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠨᠠᠮ ᠤᠨ ᠲᠥᠯᠥᠭᠡᠯᠡᠭᠴᠢᠳ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠳᠤᠭᠤᠶᠢᠯᠠᠩ ᠬᠤᠪᠢᠶᠠᠨ ᠬᠢᠨᠠᠨ ᠵᠥᠪᠯᠡᠵᠦ᠂ ᠪᠣᠣ ᠭᠠᠩ ᠨᠥᠬᠦᠷ ᠨᠢᠭᠡᠳᠦᠭᠡᠷ᠂ ᠵᠢᠷᠭᠤᠳᠤᠭᠠᠷ᠂ ᠠᠷᠪᠠᠳᠤᠭᠠᠷ᠂ ᠠᠷᠪᠠᠨ ᠨᠢᠭᠡᠳᠦᠭᠡᠷ ᠲᠥᠯᠥᠭᠡᠯᠡᠭᠴᠢᠳ ᠤᠨ ᠪᠦᠯᠬᠦᠮ ᠳᠤ ᠢᠷᠡᠵᠤ᠂ ᠨᠠᠮ ᠤᠨ ᠲᠥᠯᠥᠭᠡᠯᠡᠭᠴᠢᠳ ᠲᠠᠢ ᠬᠠᠮᠲᠤᠪᠠᠷ ᠮᠡᠳᠡᠭᠦᠯᠦᠯᠲᠡ ᠶᠢ ᠬᠢᠨᠠᠨ ᠵᠥᠪᠯᠡᠬᠦ ᠳᠡᠭᠡᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ‌ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠥᠬᠡᠬᠤᠲᠠ ︽ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ︾ ᠱᠠᠭᠠᠷᠳᠠᠯᠭ᠎ᠠ ᠶᠣᠰᠣᠭᠠᠷ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠯᠲᠡ ᠶᠢ ᠠᠳᠬᠤᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠰᠢᠨ᠎ᠡ ᠠᠶᠠᠨ ᠵᠠᠮ ᠳᠠᠬᠢ ᠬᠥᠬᠡᠬᠤᠲᠠ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ᠃      ᠡᠯ᠎ᠡ ᠲᠥᠯᠥᠭᠡᠯᠡᠭᠴᠢᠳ ᠤᠨ ᠪᠦᠯᠬᠦᠮ ᠤᠨ ᠠᠭᠤᠷ ᠠᠮᠢᠰᠬᠤᠯ ᠣᠷᠬᠢᠯᠤᠮ᠎ᠠ ᠬᠠᠯᠠᠭᠤᠨ ᠪᠠᠶᠢᠵᠤ᠂ ᠲᠥᠯᠥᠭᠡᠯᠡᠭᠴᠢᠳ ᠂ ᠮᠡᠳᠡᠭᠦᠯᠦᠯᠲᠡ ᠳᠤ ᠳ᠋ᠦᠩᠨᠡᠭᠰᠡᠨ ᠠᠮᠵᠢᠯᠲᠠ ᠨᠢ ᠪᠣᠳᠠᠲᠠᠢ᠂ ᠰᠡᠳᠬᠢᠮᠵᠢ ᠨᠢ ᠰᠢᠨ᠎ᠡ᠂ ᠠᠵᠢᠯ ᠤᠨ ᠪᠠᠶᠢᠷᠢᠯᠠᠭᠤᠯᠤᠯᠲᠠ ᠨᠢ ᠣᠨᠣᠪᠴᠢᠲᠠᠢ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠴᠠᠭ ᠦᠶᠡᠴᠢ ᠴᠢᠨᠠᠷ ᠪᠠ ᠦᠢᠯᠡᠳᠦᠯᠭᠡᠲᠦ ᠴᠢᠨᠠᠷ ᠲᠠᠢ ᠪᠠᠶᠢᠵᠤ᠂ ᠢᠲᠡᠭᠡᠯ ᠵᠣᠷᠢᠭ ᠡᠷᠴᠢ ᠵᠣᠷᠢᠭ ᠢ ᠬᠥᠪᠴᠢᠯᠡᠪᠡ ᠭᠡᠵᠦ ᠦᠵᠡᠵᠡᠭᠡᠪᠡ᠃      ᠲᠥᠯᠥᠭᠡᠯᠡᠭᠴᠢᠳ ᠤᠨ ᠶᠠᠷᠢᠶ᠎ᠠ ᠶᠢ ᠰᠣᠨᠣᠰᠤᠭᠰᠠᠨ ᠤ ᠲᠠᠷᠠᠭ᠎ᠠ᠂ ᠪᠣᠣ ᠭᠠᠩ ᠴᠢᠬᠤᠯᠠᠴᠢᠯᠠᠭᠰᠠᠨ ᠨᠢ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ ᠠᠭᠤᠯᠵᠠᠷ ᠤᠨ ᠵᠠᠩᠭᠢᠯᠠᠭ᠎ᠠ ᠶᠢᠨ ᠴᠡᠭ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ᠂ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠡᠬᠢᠯᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠬᠤᠳᠠ ᠶᠢᠨ ᠠᠷᠪᠠᠨ ᠬᠤᠶᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢ᠂ ᠬᠤᠳᠠ ᠶᠢᠨ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ  ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠬᠠᠮᠠᠭᠠᠯᠠᠬᠤ︾ ᠶᠢ ᠦᠨᠡᠨᠬᠦ ᠪᠡᠶᠡᠯᠡᠭᠦᠯᠬᠦ ᠲᠠᠯ᠎ᠠ ᠪᠠᠷ ᠬᠡᠪ ᠳᠠᠭᠤᠷᠢᠶᠠᠯ ᠦᠵᠡᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠬᠤ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠣᠷᠴᠢᠨ ᠲᠣᠭᠤᠷᠢᠨ ᠢ ᠰᠢᠯᠢᠳᠡᠭᠵᠢᠭᠦᠯᠵᠦ᠂  ᠢᠯᠵᠠᠷᠠᠯ ᠤᠨ ᠬᠤᠣᠷ ᠨᠥᠯᠥᠭᠡ ᠶᠢ ᠬᠦᠴᠦᠯᠡᠨ ᠠᠷᠢᠯᠭᠠᠵᠤ᠂ ᠤᠯᠤᠰ ᠲᠦᠷᠦ ᠶᠢᠨ ᠠᠮᠢ ᠠᠬᠤᠢ ᠶᠢ ᠲᠠᠬᠢᠨ ᠴᠣᠭᠴᠠᠯᠠᠪᠠ︔ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠢ ᠭᠤᠶᠤᠵᠢᠭᠤᠯᠪᠠ︔ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ︔ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠨᠡᠶᠢᠭᠡᠮ ᠤᠨ ᠵᠠᠰᠠᠯᠲᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠶᠡᠭᠡ ᠠᠯᠬᠤᠮ ᠢᠶᠠᠷ ᠤᠷᠤᠭᠰᠢᠯᠠᠬᠤ ᠳᠤ ᠪᠠᠲᠤ ᠰᠠᠭᠤᠷᠢ ᠲᠠᠯᠪᠢᠵᠤ ᠥᠭᠪᠡ ᠭᠡᠵᠡᠢ᠃      ᠪᠣᠣ ᠭᠠᠩ ᠴᠢᠬᠤᠯᠠᠴᠢᠯᠠᠭᠰᠠᠨ ᠨᠢ᠂ ᠬᠤᠶᠢᠰᠢᠳᠠ ᠶᠢᠨ ᠲᠠᠪᠤᠨ ᠵᠢᠯ ᠳᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ  ᠮᠣᠩᠭᠤᠯ ᠤᠨ ᠲᠤᠬᠠᠢ ᠳᠤᠷᠠᠳᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠵᠢᠷᠤᠮᠯᠠᠨ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢᠨ ᠲᠣᠭᠤᠷᠢᠨ ᠳᠤ᠂ ︽ᠭᠤᠷᠪᠠᠨ ᠬᠤᠲᠠ︾ ᠶᠢ ᠴᠢᠷᠮᠠᠶᠢᠨ ᠡᠭᠦᠳᠦᠨ ᠪᠠᠶᠢᠭᠤᠯᠵᠤ᠂ ︽ᠳᠥᠷᠪᠡᠨ ᠣᠷᠣᠨ ᠪᠦᠰᠡ ᠶᠢᠨ ᠲᠥᠪ︾ ᠢ ᠴᠣᠭᠴᠠᠯᠠᠨ ᠪᠠᠶᠢᠭᠤᠯᠵᠤ᠂ ︽ᠳᠥᠷᠪᠡᠨ ᠶᠡᠭᠡ ᠠᠵᠤ ᠠᠬᠤᠶ ᠶᠢᠨ ᠲᠣᠭᠤᠷᠢᠭ︾ ᠲᠤ ᠠᠭᠤᠰᠤᠯᠴᠠᠬᠤ ᠶᠢ ᠠᠬᠢᠭᠤᠯᠤᠨ᠂ ︽ᠲᠠᠪᠤᠨ ᠲᠣᠬᠢᠷᠠᠮᠵᠢᠲᠠᠶ ᠬᠤᠲᠠ︾ ᠶᠢ ᠪᠥᠲᠥᠭᠡᠨ ᠪᠠᠶᠢᠭᠤᠯᠵᠤ᠂ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠢ ᠪᠤᠶᠢᠵᠢᠭᠤᠯᠤᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠬᠠᠷᠠᠭᠤᠯᠤᠭᠰᠠᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ︽ᠦᠵᠡᠰᠬᠦᠯᠡᠩᠲᠦ ᠰᠠᠶᠢᠬᠠᠨ ᠬᠥᠬᠡ ᠬᠤᠲᠠ᠂ ᠥᠨᠢᠷ ᠪᠠᠶᠠᠯᠢᠭ ᠲᠠᠯ᠎ᠠ ᠶᠢᠨ ᠬᠤᠲᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠤᠨ᠎ᠠ ᠭᠡᠪᠡ᠃       ᠪᠣᠣ ᠭᠠᠩ ᠴᠢᠬᠤᠯᠠᠴᠢᠯᠠᠭᠰᠠᠨ ᠨᠢ᠂ ᠵᠢᠷᠤᠭ ᠲᠥᠯᠥᠪᠯᠡᠭᠡ ᠶᠢ ᠨᠢᠭᠡᠨᠲᠡ ᠵᠢᠷᠤᠭᠯᠠᠵᠤ᠂ ᠵᠠᠩᠭᠢᠯᠠᠭ᠎ᠠ ᠨᠢ ᠨᠠᠶᠢᠳᠠᠪᠤᠷᠢᠵᠢᠭᠤᠯᠬᠤ ᠳᠤ ᠪᠤᠢ᠃ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠭᠡᠰᠢᠭᠦᠨ᠂ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠠᠭ ᠢᠮᠠᠭᠲᠠ ︽ᠬᠤᠶᠠᠷ ᠢ ᠬᠠᠮᠠᠭᠠᠯᠠᠬᠤ︾ ᠥᠨᠳᠥᠷ ᠲᠤ ᠵᠣᠭᠰᠣᠨ ᠣᠷᠣᠨ ᠤ ᠲᠥᠪ ᠬᠤᠲᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠣᠷᠣᠨ ᠤ ᠲᠥᠪ ᠬᠤᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠣᠷᠣᠨ ᠤ ᠲᠥᠪ ᠬᠤᠲᠠ ᠶᠢᠨ ᠡᠭᠦᠷᠭᠡᠯᠡᠯ ᠢ ᠬᠠᠷᠠᠭᠤᠯᠵᠤ᠂ ᠪᠠᠷᠢᠮᠵᠢᠶ᠎ᠠ ᠪᠠᠨ ᠥᠨᠳᠥᠷ ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠨᠢᠭᠲᠠᠷᠠᠭᠤᠯᠵᠤ᠂ ᠥᠪᠡᠷ ᠤᠨ ᠪᠡᠶ᠎ᠡ ᠳᠡᠭᠡᠨ ᠳᠠᠷᠤᠯᠲᠠ ᠥᠭᠴᠦ᠂ ᠰᠢᠷᠭᠠᠭᠤ ᠠᠵᠢᠯᠯᠠᠵᠤ ᠪᠣᠳᠠᠲᠠᠶ ᠪᠠᠷ ᠠᠵᠢᠯᠯᠠᠵᠤ᠂ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠵᠤ᠂ ᠦᠨᠡᠨ ᠪᠣᠳᠠᠲᠠᠶ ᠠᠵᠢᠯ ᠤᠨ ᠦᠷ᠎ᠡ ᠪᠦᠲᠦᠮᠵᠢ ᠪᠠᠷ ᠢᠶᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠪᠥᠬᠦ ᠬᠤᠲᠠ ᠶᠢᠨ ᠥᠷᠭᠡᠨ ᠣᠯᠠᠨ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ ᠭᠡᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ