ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 26 ᠤ ᠴᠠᠬᠢᠯᠭᠠᠨ ᠮᠡᠳᠡᠭᠡ 9 ᠰᠠᠷ᠎ᠠ ᠶᠢᠨ 26 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ | ᠫᠢᠩ 2021 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠡᠤ ᠵᠧᠨ ᠪᠠᠯᠭᠠᠰᠤᠨ ᠤ ᠲᠦᠷᠦᠭᠦᠴᠦᠳ ᠤᠨ ᠬᠤᠷᠠᠯ ᠳᠤ ᠪᠠᠶᠠᠷ ᠤᠨ ᠵᠠᠬᠢᠳᠠᠯ | ᠢᠯᠡᠭᠡᠪᠡ᠃ | ᠰᠢ ᠶᠢᠨ ᠫᠢᠩ᠂ ᠲᠣᠭᠠᠴᠢᠯᠠᠭᠰᠠᠨ ᠮᠡᠷᠭᠡᠵᠢᠯ ᠶᠠᠭ ᠰᠢᠨ᠎ᠡ ᠣᠶᠢᠯᠠᠭᠠᠭᠳᠠᠬᠤᠨ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠢᠶᠠᠷ ᠬᠥᠮᠦᠨ | ᠲᠥᠷᠥᠯᠬᠢᠲᠡᠨ ᠤ ᠠᠵᠤ ᠠᠬᠤᠢ᠂ ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠯ᠎ᠡ ᠬᠦᠷᠢᠶ᠎ᠡ ᠪᠣᠯᠤᠨ ᠪᠦᠬᠦ | ᠶᠠᠪᠤᠴᠠ ᠳᠤ ᠪᠦᠬᠦ ᠲᠠᠯ᠎ᠠ ᠪᠠᠷ ᠠᠭᠤᠰᠤᠯᠴᠠᠵᠤ᠂ ᠬᠥᠮᠦᠨ ᠲᠥᠷᠥᠯᠬᠢᠲᠡᠨ ᠤ ᠦᠢᠯᠡᠳᠪᠦᠷᠢᠯᠡᠯ ᠠᠮᠢᠳᠤᠷᠠᠯ ᠳᠤ ᠥᠷᠭᠡᠨ ᠳᠡᠯᠭᠡᠷ ᠪᠥᠭᠡᠳ ᠭᠦᠨ ᠭᠦᠨᠵᠡᠭᠡᠢ ᠨᠥᠯᠥᠭᠡ | ᠦᠵᠡᠭᠦᠯᠵᠦ ᠪᠠᠶᠢᠨ᠎ᠠ᠃ ᠣᠳᠣᠬᠠᠨ ᠳᠤ᠂ ᠳᠡᠯᠡᠬᠡᠢ ᠳ᠋ᠠᠬᠢᠨ ᠳᠤ ᠵᠠᠭᠤᠨ ᠵᠢᠯ ᠲᠤᠬᠢᠶᠠᠯᠳᠤᠭ᠎ᠠ ᠦᠭᠡᠢ ᠬᠤᠪᠢᠷᠠᠯᠲᠠ ᠪᠣᠯᠤᠨ ᠵᠠᠭᠤᠨ ᠵᠢᠯ ᠲᠤᠬᠢᠶᠠᠯᠳᠤᠭ᠎ᠠ ᠦᠭᠡᠢ | ᠬᠢᠵᠢᠭ ᠤᠨ ᠪᠠᠶᠢᠳᠠᠯ ᠰᠣᠯᠪᠢᠴᠠᠨ ᠳᠠᠪᠬᠤᠴᠠᠵᠤ᠂ ᠳᠡᠯᠡᠬᠡᠢ ᠨᠡᠶᠢᠭᠡᠮ ᠢᠶᠠᠷ ᠢᠶᠠᠨ ᠭᠠᠷ ᠬᠤᠯᠪᠣᠯᠴᠠᠨ᠂ ᠮᠡᠳᠡᠭᠡ ᠵᠠᠩᠭᠢᠵᠢᠯᠲᠠ᠂ ᠲᠣᠭᠠᠴᠢᠯᠠᠯᠲᠠ᠂ ᠰᠦᠯᠵᠢᠶᠡᠵᠢᠯᠲᠡ᠂ | ᠤᠶᠤᠨᠴᠢᠯᠠᠯᠳᠠ ᠶᠢᠨ ᠬᠥᠭᠵᠢᠯᠲᠡ ᠶᠢᠨ ᠬᠠᠨᠳᠤᠰᠢ ᠳᠤ ᠵᠣᠬᠢᠴᠠᠵᠤ᠂ ᠠᠵᠠ ᠲᠣᠬᠢᠶᠠᠯ ᠢ ᠠᠮᠵᠢᠨ᠂ ᠥᠷᠢᠰᠥᠯᠳᠦᠭᠡᠨ ᠢ ᠠᠷᠭᠠᠴᠠᠭᠠᠬᠤ ᠶᠢ ᠲᠤᠯᠭᠠᠮ ᠱᠠᠭᠠᠷᠳᠠᠵᠤ | ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ᠂ ᠬᠥᠮᠦᠨ ᠲᠥᠷᠥᠯᠬᠢᠲᠡᠨ ᠤ ᠲᠠᠪᠰᠢᠯᠳᠠ ᠶᠢᠨ ᠲᠡᠦᠬᠡᠲᠦ | ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠲᠣᠭᠠᠴᠢᠯᠠᠭᠰᠠᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠲᠣᠭᠠᠴᠢᠯᠠᠭᠰᠠᠨ ᠵᠠᠰᠠᠭ ᠤᠨ | ᠣᠷᠳᠣᠨ ᠤ ᠦᠢᠯᠡᠳᠦᠯ ᠴᠢᠳᠠᠪᠬᠢ ᠶᠢ ᠴᠢᠩᠭᠠᠳᠬᠠᠵᠤ᠂ ᠲᠣᠭᠠᠴᠢᠯᠠᠭᠰᠠᠨ ᠨᠡᠶᠢᠭᠡᠮ ᠤᠨ ᠣᠷᠴᠢᠨ ᠢ ᠰᠢᠯᠢᠳᠡᠭᠵᠢᠭᠦᠯᠵᠦ᠂ ᠲᠣᠭᠠᠴᠢᠯᠠᠭᠰᠠᠨ ᠬᠠᠮᠲᠤᠷᠠᠯᠴᠠᠭᠠᠨ ᠤ | ᠪᠠᠶᠢᠷᠢᠰᠢᠯ ᠢ ᠪᠠᠶᠢᠭᠤᠯᠵᠤ᠂ ᠲᠣᠭᠠᠴᠢᠯᠠᠭᠰᠠᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠲᠣᠭᠠᠴᠢᠯᠠᠭᠰᠠᠨ ᠪᠣᠯᠪᠠᠰᠤᠨ ᠢᠶᠠᠷ ᠡᠯ᠎ᠡ ᠤᠯᠤᠰ ᠤᠨ | ᠠᠷᠠᠳ ᠲᠦᠮᠡᠨ ᠳᠤ ᠪᠤᠶᠠᠨ ᠦᠢᠯᠡᠳᠴᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ | ᠴᠢᠬᠤᠯᠠᠴᠢᠯᠠᠪᠠ᠃ | 2021 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦ᠋ ᠵᠧᠨ ᠪᠠᠯᠭᠠᠰᠤᠨ ᠤ ᠲᠦᠷᠦᠭᠦᠴᠦᠳ ᠤᠨ ᠬᠤᠷᠠᠯ ᠲᠤᠰ ᠡᠳᠦᠷ ᠵᠧᠵᠢᠶᠠᠩ | ᠮᠤᠵᠢ ᠶᠢᠨ ᠲᠦᠩᠰᠢᠶᠠᠩ ᠬᠤᠳᠠ ᠶᠢᠨ ᠦ᠋ ᠵᠧᠨ ᠪᠠᠯᠭᠠᠰᠤᠨ ᠳᠤ ᠡᠬᠢᠯᠡᠪᠡ᠂ ︽ᠲᠣᠭᠠᠴᠢᠯᠠᠭᠰᠠᠨ ᠪᠣᠯᠪᠠᠰᠤᠨ ᠤ ᠰᠢᠨ᠎ᠡ ᠴᠠᠭ ᠦᠶ᠎ᠡ ᠲᠡᠶᠢᠰᠢ ᠤᠷᠤᠭᠰᠢᠯᠠᠶ᠎ᠠ — | ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠴᠣᠭᠴᠠ ᠶᠢ ᠭᠠᠷ ᠬᠤᠯᠪᠣᠯᠴᠠᠨ ᠪᠠᠶᠢᠭᠤᠯᠤᠨ᠎ᠠ︾ ᠬᠡᠳᠡᠭ ᠢᠶᠠᠷ ᠭᠤᠣᠯ ᠰᠡᠳᠦᠪ ᠪᠤᠯᠭᠠᠵᠠᠢ᠂ | ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠪᠣᠯᠤᠨ ᠵᠧᠵᠢᠶᠠᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠭᠤᠣᠯᠯᠠᠨ | ᠡᠷᠬᠢᠯᠡᠪᠡ᠃ |