ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠳᠥᠷᠪᠡᠳᠦᠭᠡᠷ ᠤᠳᠠᠭ᠎ᠠ ᠶᠢᠨ ᠬᠤᠷᠠᠯ ᠬᠢᠪᠡ ᠪᠣᠣ ᠭᠠᠩ ᠡᠷᠬᠢᠯᠡᠪᠡ
ᠨᠡᠶᠢᠲᠡᠯᠡᠭᠰᠡᠨ ᠴᠠᠭ᠄
2021/9/29
      ︵ᠰᠤᠷᠪᠤᠯᠵᠢᠯᠠᠭᠴᠢ ᠶᠦᠨ ᠵᠢᠩ︶ 9 ᠳ᠋ᠦ᠋ᠭᠡᠷ ᠰᠠᠷ᠎ᠠ ᠶᠢᠨ 28 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠳᠥᠷᠪᠡᠳᠦᠭᠡᠷ ᠤᠳᠠᠭ᠎ᠠ ᠶᠢᠨ ᠬᠤᠷᠠᠯ ᠬᠢᠪᠡ᠃ ᠪᠣᠣ ᠭᠠᠩ ᠨᠥᠬᠦᠷ ᠬᠤᠷᠠᠯ ᠢ ᠡᠷᠬᠢᠯᠡᠪᠡ᠃       ᠬᠤᠷᠠᠯ ᠠᠴᠠ ᠶᠡᠷᠦᠩᠬᠡᠶ ᠪᠢᠯᠧᠲ ᠬᠢᠨᠠᠭᠴᠢ ᠶᠢᠨ ᠪᠡᠯᠡᠳᠬᠡᠯ ᠰᠣᠩᠭᠤᠭᠤᠯᠢ ᠶᠢᠨ ᠬᠤᠲᠠ ᠶᠢᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠤ ᠵᠢᠱᠢᠭᠳᠡᠭᠴᠢ ᠶᠢᠨ ᠪᠢᠯᠧᠲ ᠢ ᠪᠦᠷᠢᠳᠬᠡᠭᠰᠡᠨ ᠦᠷ᠎ᠡ ᠳ᠋ᠦᠩ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠲᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ ᠤ ᠵᠢᠱᠢᠭᠳᠡᠭᠴᠢ ᠶᠢᠨ ᠨᠡᠷᠡᠰ ᠢ ᠲᠣᠭᠲᠠᠭᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠣᠷᠣᠯᠠᠭᠴᠢ ᠭᠡᠰᠢᠭᠦᠨ ᠤ ᠵᠢᠱᠢᠭᠳᠡᠭᠴᠢ ᠶᠢᠨ ᠪᠡᠯᠡᠳᠬᠡᠯ ᠰᠣᠩᠭᠤᠭᠤᠯᠢ ᠶᠢᠨ ᠨᠡᠷᠡᠰ ᠪᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢ ᠶᠢᠨ ᠵᠢᠱᠢᠭᠳᠡᠭᠴᠢ ᠶᠢᠨ ᠪᠡᠯᠡᠳᠬᠡᠯ ᠰᠣᠩᠭᠤᠭᠤᠯᠢ ᠶᠢᠨ ᠨᠡᠷᠡᠰ ᠢ ᠪᠠᠲᠤᠯᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ ︵ᠲᠥᠰᠦᠯ︶ ᠪᠠ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠰᠢᠢᠳᠪᠦᠷᠢ ︵ᠲᠥᠰᠦᠯ︶ ᠶᠢ ᠬᠢᠨᠠᠨ ᠵᠥᠪᠯᠡᠪᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ