ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠭᠤᠷᠪᠠᠳᠤᠭᠠᠷ ᠤᠳᠠᠭ᠎ᠠ ᠶᠢᠨ ᠬᠤᠷᠠᠯ ᠬᠢᠪᠡ ᠪᠣᠣ ᠭᠠᠩ ᠡᠷᠬᠢᠯᠡᠪᠡ
ᠨᠡᠶᠢᠲᠡᠯᠡᠭᠰᠡᠨ ᠴᠠᠭ᠄
2021/9/29
      9 ᠳ᠋ᠦ᠋ᠭᠡᠷ ᠰᠠᠷ᠎ᠠ ᠶᠢᠨ 28 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠭᠤᠷᠪᠠᠳᠤᠭᠠᠷ ᠤᠳᠠᠭ᠎ᠠ ᠶᠢᠨ ᠬᠤᠷᠠᠯ ᠬᠢᠪᠡ᠃ ᠪᠣᠣ ᠭᠠᠩ ᠨᠥᠬᠦᠷ ᠬᠤᠷᠠᠯ ᠢ ᠡᠷᠬᠢᠯᠡᠪᠡ᠃      ᠼᠤᠤ ᠰᠧ ᠶᠠᠩ ᠨᠥᠬᠦᠷ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠶᠠᠷᠢᠯᠴᠠᠭᠰᠠᠨ ᠪᠠ ᠵᠠᠰᠠᠪᠤᠷᠢ ᠣᠷᠣᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠵᠦ᠂ ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠭᠡᠰᠢᠭᠦᠨ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠤ ᠵᠢᠱᠢᠭᠳᠡᠭᠰᠡᠳ ᠤᠨ ᠪᠡᠯᠡᠳᠬᠡᠯ ᠨᠡᠷᠡᠰ ᠢ ᠲᠣᠭᠲᠠᠭᠠᠵᠤ᠂ ᠡᠯ᠎ᠡ ᠲᠥᠯᠥᠭᠡᠯᠡᠭᠴᠢᠳ ᠤᠨ ᠪᠦᠯᠬᠦᠮ ᠤᠨ ᠵᠥᠪᠳᠡᠯᠴᠡᠭᠰᠡᠨ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ᠶᠢ ᠪᠠᠲᠤᠯᠠᠵᠤ᠂ ᠶᠡᠷᠦᠩᠬᠡᠢ ᠪᠢᠯᠧᠲ ᠬᠢᠨᠠᠭᠴᠢ᠂ ᠳᠡᠳ᠋ ᠶᠡᠷᠦᠩᠬᠡᠢ ᠪᠢᠯᠧᠲ ᠬᠢᠨᠠᠭᠴᠢ ᠪᠣᠯᠤᠨ ᠪᠢᠯᠧᠲ ᠬᠢᠨᠠᠭᠴᠢ ᠶᠢᠨ ᠨᠡᠷᠡᠰ ᠢ ᠪᠠᠲᠤᠯᠠᠵᠤ᠂ ᠶᠡᠭᠡ ᠬᠤᠷᠠᠯ ᠤᠨ ᠪᠢᠯᠧᠲ ᠬᠢᠨᠠᠭᠴᠢ ᠶᠢᠨ ᠶᠡᠷᠦᠩᠬᠡᠢ ᠨᠡᠷᠡᠰ ᠢ ᠨᠡᠶᠢᠲᠡᠯᠡᠪᠡ᠃ ︵ᠯᠢ ᠬᠠᠶ ᠵᠧᠨ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ