ᠬᠥᠬᠡᠬᠤᠲᠠ ᠶᠢᠨ ᠣᠷᠣᠶ ᠶᠢᠨ ᠰᠣᠨᠢᠨ ᠤ ᠮᠡᠳᠡᠭᠡ ︵ᠰᠤᠷᠪᠤᠯᠵᠢᠯᠠᠭᠴᠢ ᠢᠦᠶ ᠶᠠ ᠵᠢᠶᠦ᠋ᠨ︶ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠠᠨ ᠤ ᠬᠤᠲᠠ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ | ᠳᠠᠭᠠᠳᠬᠠᠯ ᠤᠨ ᠬᠤᠪᠢ ᠬᠥᠮᠦᠨ ᠤ ᠲᠤᠰᠢᠶᠠᠬᠤ ᠰᠦᠢᠳᠬᠡᠯ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠪᠠ᠃ | ᠲᠠᠨᠢᠯᠴᠠᠭᠤᠯᠤᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠵᠢᠯ ᠤᠨ ᠮᠡᠳᠡᠭᠳᠡᠯ ᠤᠨ ᠱᠠᠭᠠᠷᠳᠠᠯᠭ᠎ᠠ ᠶᠢ | ᠦᠨᠳᠦᠰᠦᠯᠡᠨ᠂ ᠮᠠᠨ ᠤ ᠬᠤᠲᠠ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠤᠪᠢ | ᠬᠥᠮᠦᠨ ᠤ ᠲᠤᠰᠢᠶᠠᠬᠤ ᠰᠦᠢᠳᠬᠡᠯ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠪᠠ᠄ 2021 ᠣᠨ ᠤ ᠰᠠᠭᠤᠭᠠᠯᠢ ᠠᠷᠠᠳ ᠤᠨ ᠡᠮᠴᠢᠯᠡᠭᠡ ᠶᠢᠨ | ᠳᠠᠭᠠᠳᠬᠠᠯ ᠤᠨ ᠬᠥᠮᠦᠨ ᠳᠤᠮᠳᠠᠴᠢ ᠶᠢᠨ ᠲᠤᠰᠢᠶᠠᠬᠤ ᠰᠦᠢᠳᠬᠡᠯ ᠤᠨ ᠪᠠᠷᠢᠮᠵᠢᠶ᠎ᠠ ᠨᠢ 320 ᠲᠥᠭᠦᠷᠢᠭ ᠠᠴᠠ ᠳᠣᠤᠷ᠎ᠠ ᠥᠬᠡᠶ᠂ ᠬᠥᠮᠦᠨ ᠳᠤᠮᠳᠠᠴᠢ ᠶᠢᠨ | ᠲᠤᠰᠢᠶᠠᠬᠤ ᠰᠦᠢᠳᠬᠡᠯ ᠨᠢ 320 ᠲᠥᠭᠦᠷᠢᠭ ᠲᠤ ᠭᠦᠷᠦᠭᠰᠡᠨ ᠥᠬᠡᠶ ᠪᠠᠶᠢᠪᠠᠯ᠂ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠡᠮᠴᠢᠯᠡᠭᠡ ᠶᠢᠨ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠬᠤ ᠳᠠᠭᠠᠨ ᠨᠥᠬᠦᠵᠦ ᠲᠤᠰᠢᠶᠠᠬᠤ ᠠᠵᠢᠯ ᠢ ᠬᠠᠮᠲᠤ ᠳᠤᠨᠢ ᠰᠠᠶᠢᠲᠤᠷ ᠬᠢᠨ᠎ᠠ᠃ 2022 ᠣᠨ ᠳᠤ | ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠨᠠᠰᠤᠨ ᠳᠤ ᠭᠦᠷᠦᠭᠰᠡᠳ ᠪᠠ ᠰᠣᠷᠣᠭᠴᠢ᠂ | ᠬᠡᠤᠬᠡᠳ ᠤᠨ ᠬᠤᠪᠢ ᠬᠥᠮᠦᠨ ᠤ ᠲᠤᠰᠢᠶᠠᠬᠤ ᠰᠦᠢᠳᠬᠡᠯ ᠳᠤ ᠨᠢᠭᠡᠳᠦᠯᠲᠡᠶ ᠪᠠᠷᠢᠮᠵᠢᠶ᠎ᠠ ᠶᠢ ᠬᠡᠷᠡᠭᠵᠢᠭᠦᠯᠵᠦ᠂ ᠬᠥᠮᠦᠨ ᠪᠦᠷᠢ 370 ᠲᠥᠭᠦᠷᠢᠭ ︵ᠨᠥᠬᠦᠵᠦ | ᠲᠤᠰᠢᠶᠠᠬᠤ 2021 ᠣᠨ ᠤ ᠬᠥᠮᠦᠨ ᠪᠦᠷᠢ ᠶᠢᠨ 10 ᠲᠥᠭᠦᠷᠢᠭ ᠢ ᠪᠠᠭᠲᠠᠭᠠᠨ᠎ᠠ︶ ᠲᠤᠰᠢᠶᠠᠨ᠎ᠠ᠃ | ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠳᠣᠲᠣᠷᠠᠬᠢ ᠲᠣᠰ ᠬᠤᠲᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠲᠠᠢ | ᠡᠲᠡᠭᠡᠳ᠂ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠤᠬᠡᠳ᠂ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ ᠶᠢᠨ ᠬᠢᠨ᠂ | ᠳᠣᠣᠷ᠎ᠠ ᠣᠷᠤᠯᠭ᠎ᠠ ᠲᠠᠢ ᠬᠡᠷ ᠪᠦᠯᠢ ᠶᠢᠨ ᠬᠥᠮᠦᠰ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠵᠡᠮᠳᠡᠭ ᠰᠠᠭᠤᠭᠠᠯᠢ ᠠᠷᠠᠳ ᠬᠤᠪᠢ ᠬᠥᠮᠦᠨ ᠤ ᠲᠤᠰᠢᠶᠠᠬᠤ | ᠰᠦᠢᠳᠬᠡᠯ ᠢᠶᠠᠨ ᠳᠡᠭᠡᠷ᠎ᠡ ᠳᠤᠷᠠᠳᠤᠭᠰᠠᠨ ᠬᠤᠪᠢ ᠬᠥᠮᠦᠨ ᠤ ᠲᠤᠰᠢᠶᠠᠬᠤ ᠪᠠᠷᠢᠮᠵᠢᠶ᠎ᠠ ᠶᠢᠨ 50% ᠪᠠᠷ ᠲᠤᠰᠢᠶᠠᠨ᠎ᠠ᠂ ᠲᠤᠬᠠᠶᠢᠯᠠᠪᠠᠯ ᠬᠥᠮᠦᠨ ᠪᠦᠷᠢ 185 | ᠲᠥᠭᠦᠷᠢᠭ ︵ᠨᠥᠬᠦᠵᠦ ᠲᠤᠰᠢᠶᠠᠬᠤ 2021 ᠣᠨ ᠤ ᠬᠥᠮᠦᠨ ᠪᠦᠷᠢ ᠶᠢᠨ 5 ᠲᠥᠭᠦᠷᠢᠭ ᠢ ᠪᠠᠭᠲᠠᠭᠠᠨ᠎ᠠ︶ ᠲᠤᠰᠢᠶᠠᠵᠤ᠂ ᠦᠯᠡᠳᠡᠭᠰᠡᠨ 50% ︵185 | ᠲᠥᠭᠦᠷᠢᠭ︶ ᠶᠢ ᠬᠤᠲᠠ ᠶᠢᠨ ᠲᠣᠰ ᠱᠠᠲᠤ ᠪᠣᠯᠤᠨ ᠬᠤᠰᠢᠭᠤ ᠰᠢᠶᠠᠨ ᠲᠣᠭᠤᠷᠢᠭ ᠠᠴᠠ ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ | ᠪᠠᠶᠢᠭᠤᠯᠤᠯ ᠤᠨ ᠬᠠᠷᠢᠴᠠᠯ ᠢᠶᠠᠷ ᠬᠤᠪᠢᠶᠠᠨ ᠡᠭᠦᠷᠭᠡᠯᠡᠨ᠎ᠡ᠃ | ᠳᠡᠭᠡᠷ᠎ᠡ ᠳᠤᠷᠠᠳᠤᠭᠰᠠᠨ ᠡᠮᠴᠢᠯᠡᠭᠡ ᠶᠢᠨ ᠲᠤᠰᠠᠯᠠᠮᠵᠢ᠂ ᠲᠤᠰᠠᠯᠠᠮᠵᠢ ᠶᠢᠨ ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠨ ᠰᠠᠭᠤᠭᠠᠯᠢ | ᠠᠷᠠᠳ ᠤᠨ ᠳᠣᠲᠣᠷᠠᠬᠢ ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠦᠰ ᠤᠨ ᠬᠤᠪᠢ ᠬᠥᠮᠦᠨ ᠤ ᠲᠤᠰᠢᠶᠠᠬᠤ ᠬᠡᠰᠡᠭ ᠢ ᠡᠮᠴᠢᠯᠡᠭᠡ ᠶᠢᠨ | ᠲᠤᠰᠠᠯᠠᠮᠵᠢ ᠶᠢᠨ ᠰᠠᠭᠤᠷᠢ ᠮᠥᠩᠭᠦ ᠠᠴᠠ ᠪᠦᠬᠦ ᠲᠤᠭ᠎ᠠ ᠪᠠᠷ ᠲᠤᠰᠠᠯᠠᠵᠤ᠂ ᠪᠤᠰᠤᠳ ᠰᠠᠭᠤᠭᠠᠯᠢ ᠠᠷᠠᠳ ᠤᠨ ᠬᠤᠪᠢ ᠬᠥᠮᠦᠨ ᠤ ᠲᠤᠰᠢᠶᠠᠬᠤ ᠬᠡᠰᠡᠭ ᠲᠤ | ᠲᠣᠭᠲᠠᠭᠰᠠᠨ ᠲᠣᠭᠠᠨ ᠤ ᠲᠤᠰᠠᠯᠠᠮᠵᠢ ᠣᠯᠭᠤᠨ᠎ᠠ᠂ ᠲᠤᠰᠠᠯᠠᠮᠵᠢ ᠶᠢᠨ ᠪᠣᠳᠠᠲᠠᠶ ᠪᠠᠷᠢᠮᠵᠢᠶ᠎ᠠ ᠶᠢ ᠮᠠᠨ ᠤ ᠬᠤᠲᠠ ᠶᠢᠨ ᠡᠮᠴᠢᠯᠡᠭᠡ ᠶᠢᠨ ᠲᠤᠰᠠᠯᠠᠮᠵᠢ ᠶᠢᠨ | ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠰᠤᠷᠭᠠᠭᠤᠯᠢ ︵ᠬᠡᠤᠬᠡᠳ ᠤᠨ ᠴᠡᠴᠡᠷᠯᠢᠭ︶ ᠳᠤ ᠪᠠᠶᠢᠭ᠎ᠠ ᠰᠣᠷᠣᠭᠴᠢ ᠬᠡᠤᠬᠡᠳ ᠠᠴᠠ ᠭᠠᠳᠠᠨ᠎ᠠ᠂ ᠲᠣᠰ ᠬᠤᠲᠠ ᠳᠤ ᠣᠷᠣᠰᠢᠨ ᠰᠠᠭᠤᠬᠤ | ᠦᠨᠡᠮᠯᠡᠯ ᠲᠠᠢ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠥᠬᠡᠶ ᠰᠠᠭᠤᠭᠠᠯᠢ ᠠᠷᠠᠳ ᠬᠥᠮᠦᠨ ᠪᠦᠷᠢ 370 ᠲᠥᠭᠦᠷᠢᠭ ︵ᠨᠥᠬᠦᠵᠦ ᠲᠤᠰᠢᠶᠠᠬᠤ | 2021 ᠣᠨ ᠤ ᠬᠥᠮᠦᠨ ᠪᠦᠷᠢ ᠶᠢᠨ 10 ᠲᠥᠭᠦᠷᠢᠭ ᠢ ᠪᠠᠭᠲᠠᠭᠠᠨ᠎ᠠ︶ ᠤᠨ ᠪᠠᠷᠢᠮᠵᠢᠶ᠎ᠠ ᠪᠠᠷ ᠬᠤᠪᠢ ᠬᠥᠮᠦᠨ ᠤ ᠡᠮᠴᠢᠯᠡᠭᠡ ᠶᠢᠨ ᠳᠠᠭᠠᠳᠬᠠᠯ ᠤᠨ | ᠰᠦᠢᠳᠬᠡᠯ ᠲᠤᠰᠢᠶᠠᠨ᠎ᠠ︔ ᠲᠣᠰ ᠬᠤᠲᠠ ᠳᠤ ᠣᠷᠣᠰᠢᠨ ᠰᠠᠭᠤᠬᠤ ᠦᠨᠡᠮᠯᠡᠯ ᠢ ᠬᠠᠩᠭᠠᠵᠤ ᠳᠡᠶᠢᠯᠬᠦ ᠥᠬᠡᠶ ᠲᠣᠰ ᠬᠤᠲᠠ ᠶᠢᠨ ᠡᠷᠦᠬᠡ ᠠᠮᠠ ᠶᠢᠨ | ᠲᠠᠩᠰᠠ ᠦᠭᠡᠢ ᠰᠠᠭᠤᠭᠠᠯᠢ ᠠᠷᠠᠳ ᠤᠨ ᠬᠤᠪᠢ ᠬᠥᠮᠦᠨ ᠤ ᠲᠤᠰᠢᠶᠠᠬᠤ ᠰᠦᠢᠳᠬᠡᠯ ᠤᠨ ᠬᠡᠰᠡᠭ ᠪᠠ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠶᠢᠨ | ᠬᠡᠰᠡᠭ ᠢ ᠲᠣᠰ ᠬᠥᠮᠦᠨ ᠭᠦᠢᠴᠡᠳ ᠲᠤᠭ᠎ᠠ ᠪᠠᠷ ᠲᠤᠰᠢᠶᠠᠵᠤ᠂ ᠨᠡᠶᠢᠲᠡ 950 ᠲᠥᠭᠦᠷᠢᠭ ︵ᠨᠥᠬᠦᠵᠦ ᠲᠤᠰᠢᠶᠠᠬᠤ 2021 ᠣᠨ ᠤ ᠬᠥᠮᠦᠨ ᠪᠦᠷᠢ ᠶᠢᠨ | 10 ᠲᠥᠭᠦᠷᠢᠭ ᠢ ᠪᠠᠭᠲᠠᠭᠠᠨ᠎ᠠ︶ ᠲᠤᠰᠢᠶᠠᠨ᠎ᠠ᠃ | ᠬᠥᠬᠡᠬᠤᠲᠠ ᠶᠢᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠲᠤᠷᠰᠢᠯᠲᠠ ᠶᠢᠨ ᠬᠡᠷᠡᠭᠵᠢᠭᠦᠯᠬᠦ ᠲᠥᠰᠦᠯ ᠤᠨ | ᠬᠤᠯᠪᠣᠭᠳᠠᠯ ᠪᠥᠬᠦᠶ ᠮᠡᠳᠡᠭᠳᠡᠯ ᠢ ᠦᠨᠳᠦᠰᠦᠯᠡᠪᠡᠯ᠂ ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠳᠣ ᠬᠤᠭᠤᠴᠠᠭᠠᠨ ᠤ | ᠰᠤᠪᠢᠯᠠᠯᠲᠠ ᠶᠢᠨ ᠳᠠᠭᠠᠳᠬᠠᠯ ᠤᠨ 2022 ᠣᠨ ᠤ ᠬᠤᠪᠢ ᠬᠥᠮᠦᠨ ᠤ ᠲᠤᠰᠢᠶᠠᠬᠤ ᠰᠦᠢᠳᠬᠡᠯ ᠤᠨ ᠪᠠᠷᠢᠮᠵᠢᠶ᠎ᠠ ᠨᠢ 10 ᠲᠥᠭᠦᠷᠢᠭ ᠪᠣᠯᠤᠨ᠎ᠠ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠬᠤᠪᠢ ᠬᠥᠮᠦᠨ ᠤ ᠲᠤᠰᠢᠶᠠᠬᠤ ᠰᠦᠢᠳᠬᠡᠯ ᠢ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠦᠢᠳᠬᠡᠯ ᠲᠠᠢ ᠬᠠᠮᠲᠤ ᠲᠠᠲᠠᠪᠤᠷᠢᠯᠠᠨ᠎ᠠ᠃ |