ᠢᠦᠢ ᠴᠢᠤᠸᠠᠨ ᠲᠣᠭᠤᠷᠢᠭ ᠤᠨ ᠬᠢᠨ ᠪᠦᠬᠦ ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/30
      9 ᠰᠠᠷ᠎ᠠ ᠶᠢᠨ 26 ᠤ ᠦᠳᠡ ᠶᠢᠨ ᠬᠤᠶᠢᠨ᠎ᠠ᠂ ᠢᠦᠢ ᠴᠢᠤᠸᠠᠨ ᠲᠣᠭᠤᠷᠢᠭ ᠤᠨ ᠬᠢᠨ ᠪᠦᠬᠦ ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠵᠤ᠂ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠵᠣᠷᠢᠭ ᠰᠠᠨᠠᠭ᠎ᠠ ᠵᠢᠴᠢ ᠤᠢᠢᠷ᠎ᠠ ᠶᠢᠨ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶ᠎ᠠ ᠶᠢᠨ ᠴᠧᠩ ᠵᠦᠩ ᠵᠦᠩ ᠱᠦᠵᠢ ᠶᠢᠨ ᠬᠤᠯᠪᠣᠭᠳᠠᠯ ᠪᠦᠬᠦᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠢᠭᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠵᠤ᠂ ᠢᠦᠢ ᠴᠢᠤᠸᠠᠨ ᠲᠣᠭᠤᠷᠢᠭ ᠤᠨ ᠤᠢᠢᠷ᠎ᠠ ᠶᠢᠨ ᠬᠤᠭᠤᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠮᠡᠳᠡᠭᠳᠡᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠵᠡᠢ᠃       ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠴᠢ ᠵᠢᠶᠦ᠋ᠨ ᠬᠤ᠋ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
1.jpg
      ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠶᠢᠷ᠎ᠠ ᠰᠡᠳᠬᠢᠯᠭᠡ ᠲᠠᠢ᠂ ᠬᠠᠷᠢᠭᠤᠴᠠᠯᠭ᠎ᠠ ᠲᠠᠢ ᠪᠠᠷ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭ᠎ᠠ ᠳᠠᠷᠤᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠪᠣᠯᠤᠨ ᠬᠤᠷᠢᠭ᠎ᠠ ᠱᠤᠭᠤᠮ ᠤᠨ ᠰᠡᠳᠬᠢᠬᠦᠢ ᠪᠠᠨ ᠦᠨᠡᠨᠬᠦ ᠴᠢᠩᠭᠠᠳᠬᠠᠵᠤ᠂ ᠡᠯ᠎ᠡ ᠵᠦᠢᠯ ᠤᠨ ᠪᠤᠳᠤᠯᠢᠶᠠᠨᠲᠠᠢ ᠪᠠᠶᠢᠳᠠᠯ ᠢ ᠢᠳᠡᠪᠬᠢᠲᠡᠢ ᠠᠷᠭᠠᠴᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ ᠠᠷᠢᠯᠭᠠᠵᠤ᠂ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠬᠢᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠪᠠ ᠠᠷᠢᠯᠭᠠᠬᠤ ᠡᠷᠴᠢᠮ ᠢᠶᠠᠨ ᠴᠢᠩᠭᠠᠷᠠᠭᠤᠯᠵᠤ᠂ ᠡᠩ ᠤᠨ ᠬᠢ ᠶᠢ ᠬᠠᠷᠠᠭᠠᠯᠵᠠᠬᠤ ᠮᠥᠷᠲᠡᠭᠡᠨ ᠭᠤᠣᠯᠳᠠᠯᠭ᠎ᠠ ᠶᠢ ᠳᠤᠪᠤᠶᠢᠯᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠬᠤᠷᠢᠭ᠎ᠠ ᠱᠤᠭᠤᠮ ᠢ ᠡᠷᠡᠰ ᠰᠠᠬᠢᠵᠤ᠂ ᠡᠴᠦᠰ ᠲᠤᠨᠢ ᠲᠤᠯᠲᠠᠯ᠎ᠠ ᠲᠤᠭ᠎ᠠ ᠶᠢ ᠲᠣᠳᠣᠷᠬᠠᠶᠢᠯᠠᠵᠤ᠂ ᠪᠠᠶᠢᠳᠠᠯ ᠢ ᠲᠣᠳᠣᠷᠬᠠᠶᠢᠯᠠᠵᠤ᠂ ᠡᠵᠡᠮᠰᠢᠵᠦ ᠳᠡᠶᠢᠯᠬᠦ ᠬᠡᠷᠡᠭᠲᠡᠢ︔ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠶᠢᠨ ᠬᠠᠩᠭᠠᠯᠭ᠎ᠠ ᠶᠢ ᠴᠢᠩᠭᠠᠳᠬᠠᠨ᠂ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠠᠰᠠᠭᠤᠳᠠᠯ ᠢ ᠪᠥᠭᠡᠮ ᠢᠶᠠᠷ ᠰᠢᠢᠳᠪᠦᠷᠢᠯᠡᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠤᠯᠠᠨ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠳᠣᠷᠣᠭᠰᠢ ᠪᠠᠭᠤᠵᠤ ᠰᠤᠷᠪᠤᠯᠵᠢᠯᠠᠬᠤ᠂ ᠪᠣᠯᠵᠣᠨ ᠰᠤᠷᠪᠤᠯᠵᠢᠯᠠᠬᠤ ᠵᠡᠷᠭᠡ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ ᠵᠠᠬᠢᠳᠠᠯ ᠰᠤᠷᠪᠤᠯᠵᠢᠯᠠᠭ᠎ᠠ ᠶᠢᠨ ᠲᠤᠪᠤᠶᠢᠮ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠤᠳ ᠣᠯᠠᠨ ᠲᠦᠮᠡᠨ ᠤ ᠢᠷᠡᠭᠦᠯᠦᠭᠰᠡᠨ ᠵᠠᠬᠢᠳᠠᠯ᠂ ᠰᠤᠷᠪᠤᠯᠵᠢᠯᠠᠭ᠎ᠠ ᠪᠠ ᠰᠦᠯᠵᠢᠶᠡᠨ ᠳᠡᠭᠡᠷᠡᠬᠢ ᠵᠠᠭᠠᠯᠳᠤᠯᠭ᠎ᠠ ᠶᠢ ᠨᠠᠷᠢᠨ ᠬᠢᠨᠠᠮᠠᠭᠠᠶ  ᠰᠢᠢᠳᠪᠦᠷᠢᠯᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠤᠯᠪᠣᠭᠠᠯᠠᠨ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠳᠤ ᠴᠠᠭ ᠲᠤᠬᠠᠶ ᠳᠤᠨᠢ ᠬᠠᠷᠢᠭᠤ ᠥᠭᠴᠦ᠂ ᠰᠢᠢᠳᠪᠦᠷᠢᠯᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠵᠣᠬᠢᠶᠠᠨ ᠪᠠᠶᠢᠭᠤᠯᠵᠤ ᠤᠳᠤᠷᠢᠳᠬᠤ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠪᠠ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠪᠦᠬᠦᠯᠢ ᠴᠣᠭᠴᠠ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠢᠦᠢ ᠴᠢᠤᠸᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃       ᠡᠯ᠎ᠡ ᠵᠥᠪᠯᠡᠯ ᠠᠯᠪᠠᠨ ᠬᠡᠷ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠪᠠᠭ᠎ᠠ ᠲᠦᠷᠭᠡᠨ ᠭᠤᠤᠯ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ ᠨᠥᠬᠦᠳ᠂ ᠲᠣᠭᠤᠷᠢᠭ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠨᠡᠷ ᠬᠤᠷᠠᠯ ᠳᠤ ᠣᠷᠣᠯᠴᠠᠵᠠᠶ᠃ ︵ᠰᠤᠷᠪᠤᠯᠵᠢᠯᠠᠭᠴᠢ᠄ ᠶᠠᠩ ᠸᠧᠨ ᠵᠢᠩ︶ 
ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ ᠲᠤᠭᠤᠷᠢᠭ︾ ᠸᠢᠴᠠᠲ ᠤᠨ ᠨᠡᠶᠢᠲᠡ ᠶᠢᠨ ᠳ᠋ᠤᠭᠠᠷ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ