ᠢᠦᠶ ᠴᠢᠤᠸᠠᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠡᠮᠨᠡᠯᠭᠡ ᠶᠢᠨ ᠬᠤᠷᠢᠶ᠎ᠠ ᠲᠤᠰᠠᠭᠠᠷᠯᠠᠬᠤ ᠪᠠᠭᠤᠳᠠᠯ ᠤᠨ ᠡᠮᠴᠢᠯᠡᠭᠡᠨ ᠤ ᠪᠠᠲᠤᠯᠠᠭ᠎ᠠ ᠶᠢᠨ ᠬᠦᠮᠦᠰ ᠢ ᠲᠤᠬᠤᠨᠢᠭᠤᠯᠪᠠ
ᠨᠡᠶᠢᠲᠡᠯᠡᠭᠰᠡᠨ ᠴᠠᠭ᠄
2021/9/30
      ᠪᠢᠯᠢᠭ ᠤᠨ ᠤᠯᠠᠷᠢᠯ ᠤᠨ ᠨᠠᠢᠮᠠᠨ ᠰᠠᠷ᠎ᠠ ᠶᠢᠨ ᠠᠷᠪᠠᠨ ᠲᠠᠪᠤᠨ ᠪᠣᠯ ᠳᠤᠮᠳᠠᠳᠤ ᠤᠯᠤᠰ ᠤᠨ ᠲᠡᠷᠭᠡᠯ ᠪᠠᠶᠠᠷ ᠤᠨ ᠡᠳᠦᠷ ᠪᠣᠯᠤᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠣᠨᠴᠠᠭᠠᠢ ᠱᠠᠭᠠᠷᠳᠠᠯᠭ᠎ᠠ ᠠᠴᠠ ᠪᠤᠯᠵᠤ᠂ ᠮᠠᠨ ᠤ ᠬᠤᠷᠢᠶᠠᠨ ᠤ ᠡᠮᠴᠢ ᠶᠦᠨ ᠵᠧᠨ ᠢᠦᠢ᠂ ᠰᠤᠪᠢᠯᠠᠭᠴᠢ ᠯᠢᠦ ᠰᠢᠨ 23 ᠭᠷᠠᠳᠦ᠋ᠰ ᠤᠨ ᠵᠣᠴᠢᠳ ᠤᠨ ᠪᠠᠭᠤᠳᠠᠯ ᠳᠤ 14 ᠡᠳᠦᠷ ᠡᠮ ᠡᠮᠨᠡᠯᠭᠡ ᠶᠢᠨ ᠪᠠᠲᠤᠯᠠᠪᠤᠷᠢ ᠶᠢᠨ ᠡᠭᠦᠷᠭᠡ ᠭᠦᠢᠴᠡᠳᠬᠡᠵᠡᠢ᠃ ᠶᠠᠭ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠤᠨ ᠬᠤᠣᠰ ᠪᠠᠶᠠᠷ ᠤᠨ ᠬᠤᠭᠤᠴᠠᠭᠠᠨ ᠳᠤ᠂ ᠳᠡᠳᠡ ᠶᠡᠭᠡ ᠲᠠᠯ᠎ᠠ ᠶᠢ ᠬᠠᠷᠠᠭᠠᠯᠵᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ 14 ᠡᠳᠦᠷ ᠤᠨ ᠪᠠᠲᠤᠯᠠᠪᠤᠷᠢ ᠶᠢᠨ ᠡᠭᠦᠷᠭᠡ ᠶᠢ ᠦᠷᠭᠦᠯᠵᠢᠯᠡᠨ ᠭᠦᠢᠴᠡᠳᠬᠡᠬᠦ ᠪᠠᠷ ᠰᠠᠨᠠᠭᠠᠴᠢᠯᠠᠭ᠎ᠠ ᠠᠴᠠ ᠪᠠᠨ ᠳᠤᠷᠠᠳᠪᠠ᠃
1.jpg
      ᠰᠣᠶᠣᠯ ᠢᠷᠭᠡᠨᠰᠢᠯ ᠤᠨ ᠬᠠᠯᠠᠮᠵᠢᠯᠠᠯ ᠢ ᠢᠯᠡᠷᠡᠭᠦᠯᠬᠦ ᠶᠢᠨ ᠲᠥᠯᠥᠭᠡ᠂ ᠢᠦᠢ ᠴᠢᠤᠸᠠᠨ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠡᠮᠨᠡᠯᠭᠡ ᠶᠢᠨ ᠬᠤᠷᠢᠶ᠎ᠠ ᠪᠠᠶᠠᠷ ᠤᠨ ᠡᠳᠦᠷ ᠤᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠨᠢᠭᠡᠳᠦᠭᠡᠷ ᠹᠷᠣᠨᠲ ᠤᠨ ᠡᠮᠴᠢ ᠰᠤᠪᠢᠯᠠᠭᠴᠢᠳ ᠲᠤ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠲᠣᠬᠤᠨᠢᠭᠤᠯᠬᠤ ᠪᠡᠯᠡᠭ ᠬᠦᠷᠭᠡᠬᠦ ᠶᠢᠨ ᠬᠠᠮᠲᠤ ᠲᠡᠳᠡᠨ ᠳᠤ ᠳᠣᠲᠣᠨᠣ ᠮᠡᠨᠳᠦᠴᠢᠯᠡᠯ ᠪᠠ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠂ ᠪᠢᠳᠡ ᠡᠶᠢᠮᠦᠷᠬᠦ ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠳᠡᠭ ᠠᠵᠢᠯᠲᠠᠳ ᠪᠠᠶᠢᠬᠤ ᠳᠤ ᠠᠵᠠ ᠵᠠᠪᠰᠢᠶᠠᠨ ᠲᠠᠢ ᠰᠠᠨᠠᠭᠳᠠᠵᠤ ᠪᠠᠶᠢᠨ᠎ᠠ︕
ᠢᠷᠡᠯᠲᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ