ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠲᠡᠭᠦᠰᠪᠡ
ᠨᠡᠶᠢᠲᠡᠯᠡᠭᠰᠡᠨ ᠴᠠᠭ᠄
2021/9/30
ᠰᠢᠨ᠎ᠡ ᠨᠢᠭᠡ ᠬᠤᠭᠤᠴᠠᠭᠠᠨ ᠤ ᠬᠤᠲᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠣᠷᠣᠯᠠᠭᠴᠢ ᠭᠡᠰᠢᠭᠦᠨ ᠪᠠ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ ᠢ ᠰᠣᠩᠭᠤᠨ ᠭᠠᠷᠭᠠᠪᠠ  ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢ ᠶᠢ ᠰᠣᠩᠭᠤᠨ ᠭᠠᠷᠭᠠᠪᠠ ᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ ᠪᠠ ᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ ᠶᠢ ᠪᠠᠲᠤᠯᠠᠪᠠ ᠪᠣᠣ ᠭᠠᠩ ᠡᠷᠬᠢᠯᠡᠪᠡ
20210930.jpg
ᠪᠣᠣ ᠭᠠᠩ ᠨᠥᠬᠦᠷ ᠲᠡᠭᠦᠰᠬᠦ ᠬᠤᠷᠠᠯ ᠳᠡᠭᠡᠷ᠎ᠡ ᠶᠠᠷᠢᠶ᠎ᠠ ᠲᠠᠯᠪᠢᠪᠠ   ᠯᠢᠦ ᠴᠢᠩ ᠢᠦᠢ ᠰᠡᠭᠦᠳᠡᠷᠯᠡᠪᠡ
20210930-1.jpg
ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠲᠡᠭᠦᠰᠪᠡ  ᠯᠢᠦ ᠴᠢᠩ ᠢᠦᠢ ᠰᠡᠭᠦᠳᠡᠷᠯᠡᠪᠡ      ︵ᠰᠤᠷᠪᠤᠯᠵᠢᠯᠠᠭᠴᠢ ᠹᠧᠩ ᠶᠠᠨ ᠫᠢᠩ︶ 9 ᠳ᠋ᠦ᠋ᠭᠡᠷ ᠰᠠᠷ᠎ᠠ ᠶᠢᠨ 29 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠠᠮᠵᠢᠯᠲᠠ ᠲᠠᠢ ᠲᠡᠭᠦᠰᠪᠡ᠃       ᠶᠡᠭᠡ ᠬᠤᠷᠠᠯ ᠠᠴᠠ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠥᠷᠭᠡᠨ ᠣᠯᠠᠨ ᠡᠪ ᠬᠠᠮᠲᠤ ᠨᠠᠮ ᠤᠨ ᠭᠡᠰᠢᠭᠦᠨ ᠪᠠ ᠥᠷᠭᠡᠨ ᠣᠯᠠᠨ ᠺᠠᠳ᠋ᠷ ᠣᠯᠠᠨ ᠲᠦᠮᠡᠨ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠪᠣᠯᠤᠨ ︽ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠴᠤᠴᠠᠯᠲᠠ ᠦᠭᠡᠢ ᠤᠷᠤᠭᠰᠢᠯᠠᠬᠤ︾ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠤᠷᠢᠶᠠᠯᠠᠪᠠ︕       ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 438 ᠬᠥᠮᠦᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 431 ᠬᠥᠮᠦᠨ ᠬᠦᠷᠴᠦ᠂ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃       ᠬᠤᠷᠠᠯ ᠢ ᠪᠣᠣ ᠭᠠᠩ ᠨᠥᠬᠦᠷ ᠡᠷᠬᠢᠯᠡᠪᠡ᠃       ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠪᠦᠦ ᠭᠠᠩ᠂ ᠡᡁᠧ ᠬᠠᠢ ᠳ᠋ᠦᠩ᠂ ᠼᠤᠤ ᠰᠧ ᠶᠠᠩ᠂ ᠰᠦᠨ ᠪᠢᠩ ᠸᠧᠨ᠂ ᠼᠦᠢ ᠵᠧᠨ ᠡᠦ᠂ ᠯᠢᠦ ᠴᠧᠩ ᠮᠢᠨ᠂ ᠸᠠᠩ ᠬᠤᠤ ᠯᠸᠢ᠂ ᠱᠠᠩ ᠵᠢᠩ ᠮᠢᠨ᠂ ᠲᠠᠩ ᠶᠦᠩ᠂ ᠭᠧ ᡁᠢ ᠮᠢᠨ᠂ ᠸᠧᠢ ᠬᠤᠩ ᠵᠢᠶᠦ᠋ᠨ᠂ ᠯᠢᠦ ᠵᠢᠢ ᠶᠢᠩ᠂ ᠰᠡᠴᠡᠨᠪᠢᠯᠢᠭ᠂ ᠶᠢᠨ ᠴᠦᠨ ᠯᠢᠶᠠᠩ᠂ ᠸᠠᠩ ᠶᠠᠨ ᠵᠢᠶᠦ᠋ᠨ᠂ ᠭᠦᠸᠧ ᠪᠢᠩ ᠱᠧᠩ᠂ ᠶᠦᠨ ᠺᠦᠢ᠂ ᠵᠠᠩ ᠵᠦᠩ ᠮᠢᠩ᠂ ᠵᠦ ᠵᠢᠶᠠᠨ ᠭᠦᠸᠧ᠂ ᠼᠤᠤ ᠬᠤᠩ᠂ ᠵᠠᠩ ᠺᠧ ᠯᠢᠩ᠂ ᠮᠠ ᠪᠢᠩ ᠴᠢᠤᠸᠠᠨ᠂ ᠯᠢᠦ ᠴᠢᠶᠠᠩ᠂ ᠵᠠᠩ ᠵᠦᠩ ᠳ᠋ᠦᠩ᠂ ᠯᠢ ᠰᠢᠶᠤᠤ ᠶᠠᠨ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃       ᠥᠪᠡᠷᠲᠡᠭᠡᠨ ᠵᠠᠰᠠᠬᠤ ᠣᠷᠣᠨ ᠤ ᠲᠤᠬᠠᠶ ᠶᠢᠨ ᠲᠠᠯᠠᠪᠠᠶ ᠶᠢᠨ ᠵᠢᠭᠠᠨ ᠵᠢᠯᠣᠭᠤᠳᠴᠤ ᠬᠢᠨᠠᠨ ᠵᠢᠯᠣᠭᠤᠳᠬᠤ ᠳᠤᠭᠤᠶᠢᠯᠠᠩ ᠪᠠ ᠬᠤᠭᠤᠴᠠᠭ᠎ᠠ ᠰᠣᠯᠢᠬᠤ ᠶᠢ ᠵᠢᠭᠠᠨ ᠵᠢᠯᠣᠭᠤᠳᠴᠤ ᠬᠢᠨᠠᠨ ᠪᠠᠶᠢᠴᠠᠭᠠᠬᠤ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃       ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ︾ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ︾ ᠶᠢ ᠪᠠᠲᠤᠯᠠᠪᠠ᠃ ᠶᠡᠭᠡ ᠬᠤᠷᠠᠯ ᠠᠴᠠ ᠨᠡᠷ᠎ᠡ ᠪᠢᠴᠢᠬᠦ ᠦᠭᠡᠢ ᠪᠠᠷ ᠪᠢᠯᠧᠲ ᠥᠭᠬᠦ ᠬᠡᠯᠪᠡᠷᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 57 ᠭᠡᠰᠢᠭᠦᠨ᠂ 11 ᠣᠷᠣᠯᠠᠭᠴᠢ ᠭᠡᠰᠢᠭᠦᠨ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ 25 ᠭᠡᠰᠢᠭᠦᠨ ᠢ ᠰᠣᠩᠭᠤᠨ ᠭᠠᠷᠭᠠᠭᠰᠠᠨ ᠪᠥᠭᠡᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ 51 ᠲᠥᠯᠥᠭᠡᠯᠡᠭᠴᠢ ᠶᠢ ᠰᠣᠩᠭᠤᠨ ᠭᠠᠷᠭᠠᠪᠠ᠃      ᠪᠣᠣ ᠭᠠᠩ ᠶᠠᠷᠢᠶᠠᠨ ᠳᠠᠭᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠪᠣᠯ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠤ ᠡᠬᠢᠯᠡᠯᠲᠡ ᠶᠢᠨ ᠵᠢᠯ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠶᠡᠭᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠮᠡᠳᠡᠭᠦᠯᠦᠯᠲᠡ ᠨᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠬᠢᠭᠰᠡᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠣᠷᠣᠨ ᠤ ᠲᠥᠪ ᠬᠤᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠣᠷᠣᠨ ᠤ ᠲᠥᠪ ᠬᠤᠲᠠ ᠶᠢᠨ ᠵᠢᠳᠬᠦᠯ ᠴᠢᠷᠮᠠᠶᠢᠯᠭ᠎ᠠ ᠶᠢ ᠬᠠᠷᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠬᠠᠷᠠᠭᠤᠯᠤᠭᠰᠠᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ︿ᠦᠵᠡᠰᠬᠦᠯᠡᠩᠲᠦ ᠰᠠᠶᠢᠬᠠᠨ ᠬᠥᠬᠡ ᠬᠤᠲᠠ᠂ ᠥᠨᠢᠷ ᠪᠠᠶᠠᠯᠢᠭ ᠲᠠᠯ᠎ᠠ ᠶᠢᠨ ᠬᠤᠲᠠ﹀ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ︾ ᠭᠤᠣᠯ ᠰᠡᠳᠦᠪ ᠤᠨ ᠲᠣᠭᠤᠷᠢᠨ ᠳᠤ᠂ ᠬᠤᠲᠠ ᠶᠢᠨ ᠠᠷᠪᠠᠨ ᠬᠤᠶᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢᠬᠢ ᠣᠷᠣᠨ ᠤ ᠲᠥᠪ ᠬᠤᠲᠠ ᠶᠢᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠣᠯᠤᠭᠰᠠᠨ ᠭᠤᠣᠯ ᠠᠮᠵᠢᠯᠲᠠ ᠪᠣᠯᠤᠨ ᠡᠷᠬᠢᠮ ᠨᠠᠨᠳᠢᠨ ᠲᠤᠷᠰᠢᠯᠭ᠎ᠠ ᠶᠢ ᠦᠨᠡᠨ ᠢ ᠪᠠᠷᠢᠮᠲᠠᠯᠠᠨ ᠳ᠋ᠦᠩᠨᠡᠵᠦ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠢ ᠰᠡᠳᠬᠢᠴᠡ ᠪᠠ ᠭᠤᠣᠯ ᠡᠭᠦᠷᠭᠡ ᠶᠢ ᠲᠣᠳᠣᠷᠬᠠᠶᠢᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠬᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠤ ᠲᠥᠪ ᠬᠤᠲᠠ ᠶᠢ ︽ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ︾ ᠱᠠᠭᠠᠷᠳᠠᠯᠭ᠎ᠠ ᠶᠢ ᠬᠠᠷᠠᠭᠤᠯᠵᠤ᠂ ᠪᠦᠬᠦ ᠬᠤᠳᠠ ᠶᠢᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠬᠠᠷᠠᠭᠤᠯᠵᠤ᠂ ᠮᠠᠨ ᠤ ᠬᠤᠳᠠ ᠶᠢᠨ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠤᠨ ᠴᠢᠬᠤᠯᠠ ᠵᠢᠷᠤᠮᠯᠠᠯ ᠪᠠ ᠭᠤᠣᠯ ᠰᠢᠪᠲᠤᠯᠤᠯᠲᠠ ᠶᠢᠨ ᠴᠢᠭᠯᠡᠯ ᠪᠣᠯᠵᠠᠢ ᠭᠡᠪᠡ᠃      ᠪᠣᠣ ᠭᠠᠩ ᠴᠢᠬᠤᠯᠠᠴᠢᠯᠠᠬᠤ ᠳᠠᠭᠠᠨ᠂ ᠵᠢᠷᠤᠭ ᠲᠥᠰᠦᠪ ᠢ ᠨᠢᠭᠡᠨᠲᠡ ᠵᠢᠷᠤᠭᠯᠠᠵᠤ᠂ ᠶᠠᠭ ᠲᠡᠮᠡᠴᠡᠬᠦ ᠴᠠᠭ ᠲᠠᠭᠠᠨ ᠪᠠᠶᠢᠨ᠎ᠠ᠃ ᠣᠳᠣᠬᠠᠨ ᠳᠤ᠂ ᠮᠠᠨ ᠤ ᠲᠡᠷᠢᠭᠦᠨ ᠴᠢᠬᠤᠯᠠ ᠡᠭᠦᠷᠭᠡ ᠪᠣᠯ ᠳᠠᠷᠤᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠳᠤᠷᠠᠳᠤᠭᠰᠠᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠬᠠᠷᠠᠯᠲᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠶᠠᠪᠤᠳᠠᠯ ᠪᠣᠯᠤᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ᠂ ᠪᠦᠬᠦ ᠤᠯᠤᠰ ᠤᠨ ᠪᠣᠯᠪᠠᠰᠤᠨ ᠬᠤᠳᠠ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠴᠢᠷᠮᠠᠶᠢᠨ ᠡᠭᠦᠳᠬᠦ ᠲᠠᠯ᠎ᠠ ᠪᠠᠷ ᠰᠢᠪᠲᠤᠯᠤᠯᠲᠠ ᠭᠠᠷᠭᠠᠬᠤ ᠬᠡᠷᠡᠭᠲᠡᠢ︔ ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ ᠢᠶᠠᠷ ᠲᠣᠯᠣᠭᠠᠶᠢᠯᠠᠭᠤᠯᠤᠭᠰᠠᠨ ᠪᠣᠬᠢᠷᠲᠤᠯ ᠦᠭᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠢ ᠪᠤᠶᠢᠵᠢᠭᠤᠯᠵᠤ᠂ ᠪᠣᠬᠢᠷᠲᠤᠯ ᠦᠭᠡᠶ ᠴᠠᠬᠢᠯᠭᠠᠨ ᠬᠦᠴᠦᠨ ᠢᠶᠠᠷ ᠰᠠᠭᠤᠷᠢ ᠪᠣᠯᠭᠠᠭᠰᠠᠨ ᠠᠷᠢᠭᠤᠨ ᠴᠡᠪᠡᠷ ᠡᠨᠧᠷᠭᠢ ᠶᠢᠨ ᠠᠵᠤ ᠦᠢᠯᠡᠰ ᠤᠨ ᠪᠥᠭᠡᠮᠨᠡᠷᠡᠯ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷ ᠴᠢᠭᠯᠡᠯ ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠥᠭᠡᠮᠨᠡᠷᠡᠯ᠂ ᠡᠯᠧᠺᠲᠷᠣᠨ ᠤ ᠲᠠᠰ ᠤᠨ ᠴᠠᠬᠢᠭᠤᠷ ᠤᠨ ᠮᠠᠲ᠋ᠧᠷᠢᠶᠠᠯ᠂ ᠣᠶᠤᠨᠴᠢ ᠮᠡᠷᠭᠡᠵᠢᠯ ᠢᠶᠠᠷ ᠬᠥᠲᠥᠯᠦᠮᠵᠢ ᠪᠣᠯᠭᠠᠭᠰᠠᠨ ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠥᠭᠡᠮᠨᠡᠷᠡᠯ᠂ ᠠᠮᠢᠳᠤ ᠪᠣᠳᠠᠰ ᠤᠨ ᠸᠠᠺᠼᠢᠨ ᠢᠶᠠᠷ ᠭᠤᠤᠯᠳᠠᠯᠭ᠎ᠠ ᠪᠣᠯᠭᠠᠭᠰᠠᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠥᠭᠡᠮᠨᠡᠷᠡᠯ᠂ ᠲᠣᠮᠣ ᠳ᠋ᠠᠶᠢᠲ᠋ᠠ᠂ ᠡᠭᠦᠯᠡᠨ ᠪᠤᠳᠤᠯᠲᠠ ᠪᠠᠷ ᠣᠨᠴᠠᠯᠢᠭ ᠪᠣᠯᠭᠠᠭᠰᠠᠨ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠤᠨ ᠲᠠᠯ᠎ᠠ ᠪᠠᠷ ᠴᠢᠬᠤᠯᠠ ᠳᠠᠪᠰᠢᠯᠲᠠ ᠭᠠᠷᠭᠠᠬᠤ ᠬᠡᠷᠡᠭᠲᠡᠢ︔ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠣᠷᠣᠨ ᠪᠦᠰᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠲᠥᠪ᠂ ᠣᠷᠣᠨ ᠪᠦᠰᠡ ᠶᠢᠨ ᠤᠳᠤ ᠦᠶ᠎ᠡ ᠶᠢᠨ ᠬᠡᠷᠡᠭᠯᠡᠭᠡᠨ ᠤ ᠲᠥᠪ᠂ ᠣᠷᠣᠨ ᠪᠦᠰᠡ ᠶᠢᠨ ᠰᠡᠯᠡᠭᠦᠴᠡᠯ ᠠᠮᠠᠷᠠᠯᠲᠠ ᠶᠢᠨ ᠲᠥᠪ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ︽ᠣᠷᠣᠨ ᠤ ᠲᠥᠪ ᠬᠤᠳᠠ ᠶᠢᠨ ᠬᠤᠲᠠ ᠶᠢᠨ ᠲᠣᠭᠤᠷᠢᠭ︾᠂ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠤᠨ ︽ᠨᠢᠭᠡ ᠴᠠᠭ ᠤᠨ ᠬᠤᠳᠠ ᠶᠢᠨ ᠲᠣᠭᠤᠷᠢᠭ︾᠂ ᠪᠡᠭᠡᠵᠢᠩ ᠲᠢᠶᠠᠨᠵᠢᠨ ᠡᡁᠧᠪᠸᠢ ᠶᠢᠨ ︽ᠬᠤᠶᠠᠷ ᠴᠠᠭ ᠤᠨ ᠠᠵᠤ ᠠᠬᠤᠢ ᠶᠢᠨ ᠲᠣᠭᠤᠷᠢᠭ︾᠂ ᠤᠷᠤᠰ ᠮᠣᠩᠭᠤᠯ ᠳᠤ ᠬᠠᠨᠳᠤᠭᠰᠠᠨ ︽ᠭᠠᠳᠠᠭᠠᠳᠤ ᠨᠡᠬᠡᠬᠡᠯᠳᠡ ᠶᠢᠨ ᠲᠣᠭᠤᠷᠢᠭ︾ ᠢ ᠢᠳᠡᠪᠬᠢᠲᠡᠢ ᠲᠦᠯᠬᠢᠨ ᠠᠬᠢᠭᠤᠯᠤᠨ ᠠᠭᠤᠰᠤᠯᠴᠠᠬᠤ ᠲᠠᠯ᠎ᠠ ᠳᠤ ᠢᠯᠡᠳᠲᠡ ᠳᠡᠭᠡᠭᠰᠢᠯᠡᠯᠲᠡ ᠭᠠᠷᠭᠠᠬᠤ ᠬᠡᠷᠡᠭᠲᠡᠢ︔ ᠣᠷᠣᠰᠢᠨ ᠰᠠᠭᠤᠬᠤ ᠳᠤ ᠲᠣᠬᠢᠷᠠᠮᠵᠢᠲᠠᠶ᠂ ᠠᠵᠢᠯ ᠦᠢᠯᠡᠰ ᠲᠤ ᠲᠣᠬᠢᠷᠠᠮᠵᠢᠲᠠᠶ᠂ ᠰᠤᠷᠤᠯᠴᠠᠬᠤ ᠳᠤ ᠲᠣᠬᠢᠷᠠᠮᠵᠢᠲᠠᠶ᠂ ᠰᠤᠪᠢᠯᠠᠬᠤ ᠳᠤ ᠲᠣᠬᠢᠷᠠᠮᠵᠢᠲᠠᠶ᠂ ᠵᠤᠭᠠᠴᠠᠬᠤ ᠳᠤ ᠲᠣᠬᠢᠷᠠᠮᠵᠢᠲᠠᠶ ︽ᠦᠵᠡᠰᠬᠦᠯᠡᠩᠲᠦ ᠰᠠᠶᠢᠬᠠᠨ ᠬᠦᠭᠡ ᠬᠤᠳᠠ᠂ ᠥᠨᠢᠷ ᠪᠠᠶᠠᠯᠢᠭ ᠲᠠᠯ᠎ᠠ ᠶᠢᠨ ᠬᠤᠳᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠳᠦᠭᠡᠨ ᠪᠠᠶᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠶ ᠭᠡᠵᠡᠢ᠃      ᠪᠣᠣ ᠭᠠᠩ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠨᠡ ᠤᠳᠠᠭᠠᠨ ᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠨᠠᠶᠢᠳᠠᠪᠤᠷᠢᠵᠢᠭᠤᠯᠤᠯᠲᠠ ᠲᠠᠢ ᠤᠶᠠᠯᠳᠤᠭᠤᠯᠵᠤ᠂ ᠬᠤᠶᠢᠰᠢᠳᠠ ᠶᠢᠨ ᠲᠠᠪᠤᠨ ᠵᠢᠯ ᠤᠨ ᠡᠭᠦᠷᠭᠡ ᠬᠠᠷᠠᠯᠲᠠ ᠶᠢᠨ ᠲᠣᠭᠤᠷᠢᠨ ᠳᠤ ᠪᠣᠳᠠᠲᠤ ᠪᠠᠶᠢᠳᠠᠯ ᠠᠴᠠ ᠡᠭᠦᠰᠴᠦ᠂ ᠪᠣᠳᠠᠲᠠᠶ ᠡᠭᠦᠷᠭᠡ ᠶᠢᠨ ᠬᠤᠪᠢᠶᠠᠷᠢᠯᠠᠯ᠂ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠵᠤ᠂ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠶᠢ ᠴᠢᠩᠭ᠎ᠠ ᠠᠩᠬᠠᠷᠴᠤ᠂ ᠶᠡᠭᠡ ᠬᠤᠷᠠᠯ ᠠᠴᠠ ᠲᠣᠳᠣᠷᠬᠠᠶ ᠲᠣᠭᠲᠠᠭᠠᠭᠰᠠᠨ ᠵᠦᠢᠯᠡᠰ ᠢ ᠦᠨᠡᠨ ᠬᠦ᠋‍ ᠨᠢᠭᠡ ᠨᠢᠭᠡ ᠪᠣᠳᠠᠲᠤ ᠶᠠᠪᠤᠳᠠᠯ᠂ ᠨᠢᠭᠡ ᠨᠢᠭᠡ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠬᠡᠷᠡᠭᠲᠡᠢ᠃ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ᠂ ᠣᠨᠴᠠᠭᠠᠶᠢᠯᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠴᠢᠬᠤᠯᠠ ᠶᠡᠭᠡ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠠᠯ᠎ᠠ ᠪᠠᠷ ᠭᠤᠣᠯᠳᠠᠯᠭ᠎ᠠ ᠲᠠᠢ ᠬᠦᠴᠦᠯᠡᠵᠦ᠂ ᠦᠷᠭᠦᠯᠵᠢᠯᠡᠨ ᠬᠦᠴᠦᠯᠡᠵᠦ᠂ ᠡᠨᠡ ᠵᠢᠯ ᠤᠨ ᠡᠯ᠎ᠡ ᠵᠦᠢᠯ ᠤᠨ ᠡᠭᠦᠷᠭᠡ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠲᠥᠯᠥᠭᠡᠯᠡᠭᠴᠢᠳ ᠲᠦᠷᠦᠭᠦᠯᠡᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠤᠬᠠᠭᠤᠯᠵᠤ᠂ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠬᠠᠶᠢᠯᠠᠭᠰᠠᠨ ᠠᠵᠢᠯ ᠤᠨ ᠳᠤᠮᠳᠠ ᠪᠠᠨ ᠵᠢᠱᠢᠶᠡᠴᠢ ᠪᠤᠯᠵᠤ᠂ ᠦᠯᠢᠭᠡᠷ ᠳᠠᠭᠤᠷᠢᠶᠠᠯ ᠪᠤᠯᠵᠤ᠂ ᠰᠢᠨ᠎ᠡ ᠭᠠᠪᠢᠶ᠎ᠠ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ᠪᠦᠬᠦ ᠬᠤᠳᠠ ᠶᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠥᠪᠡᠷ ᠠᠴᠠ ᠪᠠᠨ ᠲᠦᠷᠦᠭᠦᠯᠡᠨ ᠰᠤᠷᠲᠠᠯ ᠢᠶᠠᠨ ᠬᠤᠪᠢᠷᠠᠭᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠤᠶᠤᠨ ᠴᠢᠳᠠᠯ ᠢᠶᠠᠨ ᠬᠥᠭᠵᠢᠯᠲᠡ ᠶᠢ ᠠᠳᠬᠤᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠦᠷ᠎ᠡ ᠪᠦᠲᠦᠮᠵᠢ ᠶᠢ ᠠᠳᠬᠤᠬᠤ ᠳᠡᠭᠡᠷ᠎ᠡ ᠲᠠᠯᠪᠢᠵᠤ᠂ ᠶᠡᠭᠡ ᠬᠤᠷᠠᠯ ᠠᠴᠠ ᠵᠢᠷᠤᠭᠯᠠᠭᠰᠠᠨ ᠰᠠᠶᠢᠨ ᠰᠠᠶᠢᠬᠠᠨ ᠵᠢᠷᠤᠭ ᠲᠥᠰᠦᠪ ᠢ ᠣᠷᠣᠨ ᠤ ᠲᠥᠪ ᠬᠤᠲᠠ ᠶᠢᠨ ᠡᠭᠡ ᠭᠠᠵᠠᠷ ᠲᠤ ᠦᠨᠡᠨ ᠬᠦ ᠰᠡᠶᠢᠯᠵᠦ᠂ ᠨᠠᠮ ᠳᠠᠭᠠᠨ ᠣᠰᠣᠯᠳᠠᠬᠤ ᠦᠭᠡᠢ᠂ ᠠᠷᠠᠳ ᠲᠦᠮᠡᠨ ᠳᠡᠭᠡᠨ ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠶᠢ ᠡᠭᠦᠳᠬᠦ ᠬᠡᠷᠡᠭᠲᠡᠢ ᠭᠡᠵᠡᠢ︕
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ