ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠰᠢ ᠠᠨ ᠳᠤ ᠥᠨᠳᠥᠷᠯᠡᠪᠡ  ᠯᠢ ᠺᠧ ᠴᠢᠶᠠᠩ ᠲᠡᠭᠦᠰᠬᠦ ᠶᠣᠰᠣᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/9/30
      ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠰᠢ ᠠᠨ ᠳᠤ ᠥᠨᠳᠥᠷᠯᠡᠪᠡ      ᠯᠢ ᠺᠧ ᠴᠢᠶᠠᠩ ᠲᠡᠭᠦᠰᠬᠦ ᠶᠣᠰᠣᠯᠠᠯ ᠳᠤ ᠣᠷᠣᠯᠴᠠᠪᠠ      ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ 27 ᠤ ᠣᠷᠣᠶ ᠰᠢ ᠠᠨ ᠳᠤ ᠥᠨᠳᠥᠷᠯᠡᠪᠡ᠃      ᠤᠷᠤᠢ ᠶᠢᠨ 8 ᠴᠠᠭ ᠲᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠡᠭᠦᠰᠬᠦ ᠶᠣᠰᠣᠯᠠᠯ ᠰᠢ ᠠᠨ ᠤ ᠣᠯᠢᠮᠫᠢᠺ ᠤᠨ ᠴᠤᠭᠯᠠᠭᠠᠨ ᠤ ᠲᠥᠪ ᠤᠨ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠭᠳᠠᠪᠠ᠃ ᠳᠤᠮᠳᠠᠳᠤ ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠥᠨᠳᠥᠷᠯᠡᠭᠰᠡᠨ ᠢ ᠵᠠᠷᠯᠠᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠦᠯᠳᠡ ᠳᠠᠭᠤᠤ ︽ᠢᠷᠡᠭᠡᠳᠦᠢ ᠶᠢ ᠵᠣᠷᠢᠨ ᠮᠣᠷᠳᠠᠶ᠎ᠠ︾ ᠭᠡᠬᠦ ᠬᠥᠭᠵᠢᠮ ᠤᠨ ᠳᠤᠮᠳᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠤᠭ ᠠᠯᠭᠤᠷᠬᠠᠨ ᠳᠣᠷᠣᠭᠰᠢᠯᠠᠵᠤ᠂ 13 ᠡᠳᠦᠷ ᠳᠦᠷᠡᠯᠵᠡᠭᠰᠡᠨ ᠭᠤᠣᠯ ᠭᠠᠯ ᠪᠠᠮᠪᠠᠷ ᠠᠭᠠᠵᠢᠮ ᠢᠶᠠᠷ ᠤᠨᠲᠠᠷᠠᠪᠠ᠃      ᠰᠦᠨ ᠴᠦᠨ ᠯᠠᠨ᠂ ᠵᠠᠩ ᠴᠦᠨ ᠰᠢᠶᠠᠨ᠂ ᠰᠢᠶᠤᠤ ᠵᠢᠶᠧ᠂ ᠭᠦ᠋ ᠱᠧᠩ ᠽᠦ ᠵᠢᠴᠢ ᠮᠢᠶᠣᠣ ᠬᠤᠸᠠ ᠲᠡᠭᠦᠰᠬᠦ ᠶᠣᠰᠣᠯᠠᠯ ᠳᠤ ᠣᠷᠣᠯᠴᠠᠪᠠ᠃      ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠬᠦ ᠴᠢᠬᠤᠯᠠ ᠵᠠᠩᠭᠢᠯᠠᠭ᠎ᠠ ᠳᠤ ᠡᠷᠬᠢᠯᠡᠭᠰᠡᠨ ᠶᠡᠷᠦᠩᠬᠡᠶᠢᠯᠡᠭᠰᠡᠨ ᠴᠢᠨᠠᠷᠲᠠᠢ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠮᠥᠷᠲᠡᠭᠡᠨ ᠮᠠᠨ ᠤ ᠤᠯᠤᠰ ᠤᠨ 2035 ᠣᠨ ᠪᠣᠯᠬᠤ ᠳᠤ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠪᠠᠷ ᠳᠤᠷᠠᠳᠤᠭᠰᠠᠨ ᠤ ᠳᠠᠷᠠᠭ᠎ᠠ ᠡᠷᠬᠢᠯᠡᠭᠰᠡᠨ ᠨᠢᠭᠡ ᠤᠳᠠᠭᠠᠨ ᠤ ᠴᠢᠬᠤᠯᠠ ᠶᠡᠷᠦᠩᠬᠡᠶᠢᠯᠡᠭᠰᠡᠨ ᠴᠢᠨᠠᠷᠲᠠᠢ ᠪᠡᠶ᠎ᠡ ᠶᠢᠨ ᠲᠠᠮᠢᠷ ᠤᠨ ᠴᠤᠭᠯᠠᠭᠠᠨ ᠪᠣᠯᠤᠨ᠎ᠠ᠃ ᠲᠤᠰ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠠᠷᠠᠳ ᠲᠦᠮᠡᠨ ᠢᠶᠠᠷ ᠭᠤᠣᠯᠯᠠᠭᠰᠠᠨ ᠬᠥᠭᠵᠢᠯᠲᠡ ᠶᠢᠨ ᠦᠵᠡᠯ ᠢ ᠪᠠᠷᠢᠮᠲᠠᠯᠠᠵᠤ᠂ ︽ᠪᠦᠬᠦ ᠠᠷᠠᠳ ᠪᠦᠬᠦ ᠲᠠᠯ᠎ᠠ ᠪᠠᠷ ᠬᠥᠳᠡᠯᠭᠡᠭᠡᠨ ᠳᠤ ᠣᠷᠣᠯᠴᠠᠵᠤ᠂ ᠰᠡᠳᠬᠢᠯ ᠨᠢᠭᠡᠳᠦᠨ ᠤᠷᠤᠭᠰᠢᠯᠠᠵᠠᠭᠠᠶ᠎ᠠ︾ ᠭᠡᠬᠦ ᠰᠡᠳᠦᠪ ᠢ ᠲᠤᠪᠤᠶᠢᠯᠭᠠᠵᠦ᠂ ᠲᠠᠮᠢᠷᠴᠢᠳ ᠰᠢᠷᠭᠠᠭᠤ ᠬᠠᠲᠠᠭᠤᠵᠢᠯᠲᠠᠢ ᠲᠡᠮᠡᠴᠡᠬᠦ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ︽ᠡᠭᠦᠷᠭᠡ ᠡᠭᠦᠷᠭᠡᠯᠡᠵᠦ᠂ ᠬᠠᠲᠠᠭᠤᠵᠢᠯᠲᠠᠢ ᠲᠡᠮᠡᠴᠡᠬᠦ︾ ᠬᠠᠷᠢᠭᠤᠴᠠᠯᠭ᠎ᠠ ᠡᠭᠦᠷᠭᠡᠯᠡᠯ ᠢ ᠲᠠᠶᠢᠯᠪᠤᠷᠢᠯᠠᠵᠤ᠂ ᠳᠡᠭᠡᠷ᠎ᠡ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠲᠤᠷᠰᠢᠯᠭ᠎ᠠ ᠪᠠᠷ ᠲᠣᠯᠢᠯᠠᠵᠤ᠂ ᠤᠯᠠᠨ ᠲᠦᠮᠡᠨ ᠤ ᠤᠷᠤᠯᠳᠤᠭᠠᠨ ᠤ ᠠᠵᠢᠯᠯᠠᠭ᠎ᠠ ᠶᠢ ᠦᠷᠭᠦᠯᠵᠢᠯᠡᠨ ᠲᠣᠬᠢᠷᠠᠭᠤᠯᠤᠨ ᠥᠷᠨᠢᠭᠦᠯᠪᠡ᠃ ᠱᠠᠨᠰᠢ ᠮᠤᠵᠢ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠲᠠᠮᠢᠷᠴᠢᠳ ᠲᠤ ᠭᠠᠪᠰᠢᠭᠠᠶᠢᠯᠠᠨ ᠲᠡᠮᠡᠴᠡᠬᠦ ᠲᠠᠪᠴᠠᠩ ᠬᠠᠩᠭᠠᠵᠤ᠂ ᠪᠦᠬᠦ ᠤᠯᠤᠰ ᠤᠨ ᠠᠷᠠᠳ ᠲᠦᠮᠡᠨ ᠳᠤ ᠳᠥᠭᠦᠮ ᠳᠥᠲᠡ᠂ ᠠᠮᠤᠷ ᠲᠦᠪᠰᠢᠨ᠂ ᠭᠤᠶᠢᠳᠠ ᠰᠠᠶᠢᠬᠠᠨ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠵᠣᠷᠢᠭᠤᠯᠪᠠ᠃      ᠪᠠᠶᠠᠷ ᠬᠥᠷ ᠲᠠᠢ ᠠᠭᠤᠷ ᠠᠮᠢᠰᠬᠤᠯ ᠳᠤᠮᠳᠠ᠂ ᠤᠷᠤᠯᠳᠤᠭᠠᠨ ᠳᠤ ᠣᠷᠣᠯᠴᠠᠭᠰᠠᠨ ᠡᠯ᠎ᠡ ᠲᠥᠯᠥᠭᠡᠯᠡᠭᠴᠢᠳ ᠤᠨ ᠪᠦᠯᠬᠦᠮ ᠤᠨ ᠲᠥᠯᠥᠭᠡᠯᠡᠭᠴᠢᠳ ᠲᠠᠯᠠᠪᠠᠢ ᠳᠤ ᠣᠷᠣᠪᠠ᠃ ᠪᠦᠭᠦᠳᠡᠭᠡᠷ ᠢᠶᠠᠨ ᠪᠣᠰᠴᠤ ᠵᠣᠭᠰᠣᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠳᠠᠭᠤᠯᠠᠪᠠ᠃      ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠡᠶ᠎ᠡ ᠶᠢᠨ ᠲᠠᠮᠢᠷ ᠤᠨ ᠶᠣᠰᠣ ᠰᠤᠷᠲᠠᠬᠤᠨ ᠤ ᠱᠠᠩᠨᠠᠯ ᠪᠠ ᠤᠷᠤᠯᠳᠤᠭᠠᠨ ᠳᠤ ᠣᠷᠣᠯᠴᠠᠭᠰᠠᠨ ᠳᠤᠷᠠᠰᠬᠠᠯ ᠤᠨ ᠱᠠᠩᠨᠠᠯ ᠬᠦᠷᠲᠡᠭᠰᠡᠨ ᠲᠥᠯᠥᠭᠡᠯᠡᠭᠴᠢᠳ ᠤᠨ ᠪᠦᠯᠬᠦᠮ ᠤᠨ ᠨᠡᠷᠡᠰ ᠢ ᠤᠩᠰᠢᠨ ᠨᠡᠶᠢᠲᠡᠯᠡᠪᠡ᠃      ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠵᠥᠪᠯᠡᠯ ᠤᠨ ᠭᠦᠢᠴᠡᠳᠬᠡᠬᠦ ᠡᠷᠬᠢᠯᠡᠭᠴᠢ᠂ ᠱᠠᠨᠰᠢ ᠮᠤᠵᠢ ᠶᠢᠨ ᠳᠠᠷᠤᠭ᠎ᠠ ᠵᠤᠤ ᠢ ᠳ᠋ᠧ ᠪᠠᠶᠠᠷ ᠤᠨ ᠦᠭᠡ ᠬᠡᠯᠡᠪᠡ᠃ ᠲᠡᠷᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠪᠣᠯᠤᠨ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠵᠡᠷᠭᠡ ᠶᠠᠮᠤᠨ ᠵᠥᠪᠯᠡᠯ ᠤᠨ ᠨᠠᠷᠢᠨ ᠨᠢᠮᠪᠠᠶ ᠵᠢᠯᠣᠭᠤᠳᠣᠯᠭ᠎ᠠ ᠳᠣᠣᠷ᠎ᠠ᠂ ᠣᠯᠠᠨ ᠤ ᠬᠠᠮᠲᠤ ᠶᠢᠨ ᠴᠢᠷᠮᠠᠶᠢᠯᠭ᠎ᠠ ᠪᠠᠷ ᠲᠤᠰ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠣᠯᠵᠠᠶ᠃ ᠪᠦᠬᠦ ᠠᠷᠠᠳ ᠤᠨ ᠪᠦᠬᠦ ᠲᠠᠯ᠎ᠠ ᠶᠢᠨ ᠲᠠᠮᠢᠷ ᠤᠨ ᠬᠥᠳᠡᠯᠭᠡᠭᠡᠨ ᠤ ᠳᠦᠷᠡᠯᠵᠡᠭᠰᠡᠨ ᠬᠦᠰᠡᠯ ᠤᠨ ᠣᠴᠢ᠂ ᠭᠡᠷᠡᠯ ᠰᠠᠴᠤᠷᠠᠭᠤᠯᠤᠭᠰᠠᠨ ᠬᠦᠰᠡᠯ ᠤᠨ ᠭᠢᠯᠪᠠᠭ᠎ᠠ ᠨᠢ ᠯᠠᠪᠳᠠᠶ᠎ᠠ ᠳᠤᠮᠳᠠᠳᠤ ᠶᠢᠨ ᠪᠦᠬᠦ ᠬᠥᠪᠡᠭᠦᠳ ᠥᠬᠢᠳ ᠤᠨ ᠰᠡᠳᠬᠢᠯ ᠨᠢᠭᠡᠳᠦᠨ ᠡᠷᠡᠯᠬᠡᠭᠯᠡᠨ ᠤᠷᠤᠭᠰᠢᠯᠠᠬᠤ ᠡᠷᠴᠢ ᠵᠣᠷᠢᠭ ᠢ ᠬᠥᠪᠴᠢᠯᠡᠬᠦ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠱᠠᠨᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠢᠷᠡᠭᠰᠡᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠᠨ ᠴᠢᠯᠦᠭᠡᠯᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠱᠠᠨᠰᠢ ᠶᠢᠨ ᠴᠢᠨᠠᠷᠯᠢᠭ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠦᠯᠬᠦ ᠪᠣᠯᠣᠨ᠎ᠠ᠃      ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠵᠥᠪᠯᠡᠯ ᠤᠨ ᠡᠷᠬᠢᠯᠡᠭᠴᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ᠳᠠᠷᠤᠭ᠎ᠠ ᠭᠸᠦ ᠵᠥᠩ ᠸᠧᠨ ᠪᠠᠶᠠᠷ ᠤᠨ ᠦᠭᠡ ᠬᠡᠯᠡᠪᠡ᠃ ᠲᠡᠷᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠣᠯᠤᠨ ᠳᠣᠲᠣᠨᠣ ᠬᠠᠯᠠᠮᠵᠢᠯᠠᠯ ᠳᠣᠣᠷ᠎ᠠ᠂ ᠲᠤᠰ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠣᠯᠵᠤ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠮᠵᠢᠯᠲᠠ ᠪᠣᠯᠤᠨ ᠣᠶᠤᠨ ᠤ ᠪᠣᠯᠪᠠᠰᠤᠨ ᠤ ᠬᠤᠣᠰ ᠢᠯᠠᠯᠲᠠ ᠶᠢ ᠣᠯᠵᠠᠶ᠃ ᠪᠢᠳᠠ ᠨᠥᠬᠦᠷ ᠰᠢ ᠶᠢᠨ ᠫᠢᠩ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠡᠭᠡᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠭᠦᠢᠴᠡᠳᠬᠡᠵᠦ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠵᠡᠭᠡᠶ᠎ᠡ ᠭᠡᠵᠡᠢ᠃      ᠲᠡᠭᠦᠰᠬᠦ ᠶᠣᠰᠣᠯᠠᠯ ᠳᠤ᠂ ᠵᠤᠤ ᠢ ᠳ᠋ᠧ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠤᠭ ᠢ ᠭᠸᠤ ᠵᠦᠩ ᠸᠧᠨ ᠳᠤ ᠪᠤᠴᠠᠭᠠᠨ ᠥᠭᠴᠦ᠂ ᠭᠸᠤ ᠵᠦᠩ ᠸᠧᠨ ᠴᠤᠭᠯᠠᠭᠠᠨ ᠤ ᠲᠤᠭ ᠢ ᠠᠷᠪᠠᠨ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠬᠢᠯᠡᠬᠦ ᠨᠢᠭᠡᠴᠢ ᠶᠢᠨ ᠲᠥᠯᠥᠭᠡᠯᠡᠭᠴᠢ ᠪᠣᠯᠤᠭᠰᠠᠨ ᠭᠤᠸᠠᠩᠳᠦ᠋ᠩ ᠮᠤᠵᠢ ᠶᠢᠨ ᠳᠠᠷᠤᠭ᠎ᠠ ᠮᠠ ᠰᠢᠩ ᠷᠦᠢ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢᠨ ᠵᠧᠩ ᠶᠤᠸᠠᠢ ᠧ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠳᠤ ᠲᠤᠰᠢᠶᠠᠪᠠ᠃ ᠠᠷᠪᠠᠨ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠨᠢ 2025 ᠣᠨ ᠳᠤ ᠭᠤᠸᠠᠩᠳᠦ᠋ᠩ᠂ ᠰᠢᠶᠠᠩᠭᠠᠩ᠂ ᠣᠣᠮᠧᠨ ᠳᠤ ᠶᠠᠪᠤᠭᠳᠠᠨ᠎ᠠ᠃      ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ 9 ᠳ᠋ᠦ᠋ᠭᠡᠷ ᠰᠠᠷ᠎ᠠ ᠶᠢᠨ 15 ᠤ ᠡᠳᠦᠷ ᠰᠢ ᠠᠨ ᠳᠤ ᠡᠬᠢᠯᠡᠵᠦ᠂ 35 ᠥᠷᠢᠰᠦᠯᠳᠦᠬᠦ ᠤᠷᠤᠯᠳᠤᠭᠠᠨ ᠪᠠ 19 ᠣᠯᠠᠨ ᠲᠦᠮᠡᠨ ᠤ ᠤᠷᠤᠯᠳᠤᠭᠠᠨ᠂ ᠨᠡᠶᠢᠲᠡ 595 ᠪᠠᠭ᠎ᠠ ᠤᠷᠤᠯᠳᠤᠭᠠᠨ ᠲᠣᠬᠢᠷᠠᠭᠤᠯᠵᠤ᠂ ᠨᠡᠶᠢᠲᠡ 1.2 ᠲᠦᠮᠡ ᠭᠠᠷᠤᠶ ᠲᠠᠮᠢᠷᠴᠢᠨ ᠪᠠ 1 ᠲᠦᠮᠡ ᠭᠠᠷᠤᠶ ᠣᠯᠠᠨ ᠲᠦᠮᠡᠨ ᠤ ᠲᠠᠮᠢᠷᠴᠢᠨ ᠣᠷᠣᠯᠴᠠᠵᠠᠶ᠃ 9 ᠬᠥᠮᠦᠨ 1 ᠠᠩᠭᠢ 12 ᠤᠳᠠᠭ᠎ᠠ 12 ᠵᠦᠢᠯ ᠤᠨ ᠳᠡᠯᠡᠬᠡᠶ ᠶᠢᠨ ᠲᠡᠮᠳᠡᠭᠯᠡᠯ ᠢ ᠡᠭᠦᠳᠴᠦ᠂ 1 ᠬᠥᠮᠦᠨ 1 ᠠᠩᠭᠢ 2 ᠤᠳᠠᠭ᠎ᠠ ᠠᠽᠢᠶ᠎ᠠ ᠲᠢᠪ ᠤᠨ ᠲᠡᠮᠳᠡᠭᠯᠡᠯ ᠢ ᠡᠭᠦᠳᠴᠦ᠂ 15 ᠬᠥᠮᠦᠨ 7 ᠠᠩᠭᠢ 24 ᠤᠳᠠᠭ᠎ᠠ 24 ᠵᠦᠢᠯ ᠤᠨ ᠪᠦᠬᠦ ᠤᠯᠤᠰ ᠤᠨ ᠲᠡᠮᠳᠡᠭᠯᠡᠯ ᠢ ᠡᠭᠦᠳᠪᠡ᠃      ᠲᠡᠭᠦᠰᠬᠦ ᠶᠣᠰᠣᠯᠠᠯ ᠳᠤ ᠪᠠᠰᠠ ︽ᠬᠦᠰᠡᠯ ᠢᠶᠠᠨ ᠲᠡᠮᠡᠦᠯᠦᠨ ᠤᠷᠤᠭᠰᠢᠯᠠᠶ᠎ᠠ︾ ᠭᠡᠬᠦ ᠰᠡᠳᠦᠪᠲᠦ ᠰᠣᠶᠣᠯ ᠲᠠᠮᠢᠷ ᠤᠨ ᠲᠣᠭᠯᠠᠯᠲᠠ ᠭᠠᠷᠭᠠᠵᠠᠶ᠃
ᠢᠷᠡᠯᠲᠡ᠄ ᠦᠪᠦᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ