ᠨᠠᠮ ᠢᠶᠠᠨ ᠡᠭᠦᠷᠢᠳᠡ ᠳᠠᠭᠠᠵᠤ᠂ ᠪᠣᠯᠪᠠᠰᠤᠨ ᠢ ᠡᠷᠬᠢᠮᠯᠡᠶ᠎ᠡ
ᠨᠡᠶᠢᠲᠡᠯᠡᠭᠰᠡᠨ ᠴᠠᠭ᠄
2021/9/6
20210906.jpg
      9 ᠳ᠋ᠦ᠋ᠭᠡᠷ ᠰᠠᠷ᠎ᠠ ᠶᠢᠨ 5 ᠤ ᠡᠳᠦᠷ᠂ ︽ᠨᠠᠮ ᠢᠶᠠᠨ ᠡᠭᠦᠷᠢᠳᠡ ᠳᠠᠭᠠᠵᠤ᠂ ᠪᠣᠯᠪᠠᠰᠤᠨ ᠢ ᠡᠷᠬᠢᠮᠯᠡᠶ᠎ᠡ︾ ᠰᠠᠶᠢᠬᠠᠨ ᠲᠣᠭᠤᠷᠢᠭ ᠤᠨ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠰᠠᠶᠢᠬᠠᠨ ᠲᠣᠭᠤᠷᠢᠭ ᠤᠨ ᠶᠢᠨ ᠳ᠋ᠢ ᠲᠠᠯᠠᠪᠠᠢ ᠳᠤ ᠶᠠᠪᠤᠭᠳᠠᠪᠠ᠃      ᠠᠵᠢᠯᠯᠠᠭ᠎ᠠ ᠶᠢᠨ ᠠᠬᠤᠢ ᠲᠠᠯᠠᠪᠠᠶ ᠳᠤ᠂ ᠰᠠᠶᠢᠬᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠰᠠᠶᠢᠨ ᠳᠤᠷ᠎ᠠ ᠶᠢᠨ ᠦᠢᠯᠡᠴᠢᠯᠡᠭᠴᠢ ᠠᠴᠠ ᠬᠤᠲᠠ ᠶᠢᠨ ᠠᠷᠠᠳ ᠲᠤ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠠᠷᠢᠶ᠎ᠠ ᠭᠠᠵᠠᠷ ᠤᠨ ᠰᠠᠭᠤᠭᠠᠯᠢ ᠠᠷᠠᠳ ᠲᠤ ᠰᠠᠶᠢᠨ ᠳᠤᠷ᠎ᠠ ᠶᠢᠨ ᠦᠢᠯᠡᠴᠢᠯᠡᠭᠡ᠂ ᠬᠤᠭᠤᠯᠠᠨ ᠰᠢᠷᠡᠭᠡᠨ ᠤ ᠪᠣᠯᠪᠠᠰᠤᠨ ᠵᠡᠷᠭᠡ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠬᠠᠮᠢᠶ᠎ᠠ ᠪᠦᠬᠦᠢ ᠮᠡᠳᠡᠯᠭᠡ ᠶᠢ ᠬᠦᠯᠢᠴᠡᠩᠭᠦᠢ ᠪᠠᠷ ᠲᠠᠶᠢᠯᠪᠤᠷᠢᠯᠠᠨ ᠥᠭᠴᠦ᠂ 8 ᠬᠠᠯᠠᠭᠤᠨ ᠰᠡᠳᠬᠢᠯᠲᠦ ᠠᠵᠤ ᠠᠬᠤᠶᠢᠯᠠᠯ ᠠᠴᠠ ᠰᠠᠶᠢᠬᠠᠨ ᠲᠣᠭᠤᠷᠢᠭ ᠤᠨ ᠬᠡᠰᠡᠭ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠡᠳ᠋ ᠪᠣᠳᠠᠰ ᠬᠠᠨᠳᠢᠪᠯᠠᠵᠤ᠂ ᠥᠷᠭᠡᠨ ᠤᠯᠠᠨ ᠰᠠᠭᠤᠭᠠᠯᠢ ᠠᠷᠠᠳ ᠤᠨ ᠬᠤᠷᠢᠶᠠᠯᠠᠯ ᠤᠨ ᠪᠣᠯᠪᠠᠰᠤᠨ ᠤ ᠬᠦᠳᠦᠯᠦᠨ ᠵᠢᠯᠣᠭᠤᠳᠤᠯᠭ᠎ᠠ᠂ ᠵᠢᠵᠢᠭ ᠵᠠᠷ ᠮᠡᠳᠡᠭᠡ ᠶᠢ ᠴᠡᠪᠡᠷᠯᠡᠬᠦ ᠵᠡᠷᠭᠡ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠬᠤ ᠳᠤ ᠬᠡᠷᠡᠭᠯᠡᠵᠡᠢ᠃ ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ