︵ᠰᠤᠷᠪᠤᠯᠵᠢᠯᠠᠭᠴᠢ ᠮᠢᠶᠣᠣ ᠰᠢᠨ︶ 9 ᠳ᠋ᠦ᠋ᠭᠡᠷ ᠰᠠᠷ᠎ᠠ ᠶᠢᠨ 4 ᠤ ᠡᠳᠦᠷ᠂ ᠬᠥᠬᠡᠬᠤᠲᠠ ᠶᠢᠨ 2021 ᠣᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠳᠤ ᠰᠢᠨ᠎ᠡ ᠪᠠᠷ ᠲᠣᠮᠢᠯᠠᠭᠰᠠᠨ ᠲᠣᠰᠬᠤᠨ ᠤ ᠨᠢᠭᠡᠳᠦᠭᠡᠷ ᠱᠦᠵᠢ ︵ᠠᠵᠢᠯᠯᠠᠬᠤ ᠳᠤᠭᠤᠶᠢᠯᠠᠩ ᠤᠨ ᠳᠠᠷᠤᠭ᠎ᠠ︶ ᠶᠢᠨ ᠠᠵᠢᠯ ᠤᠨ | ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠤᠨ ᠠᠩᠭᠢ ᠬᠢᠴᠢᠶᠡᠯ ᠡᠬᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡᠳᠦᠭᠡᠷ ᠱᠦᠵᠢ ᠶᠢ ᠪᠦᠬᠦ ᠲᠠᠯ᠎ᠠ ᠪᠠᠷ ᠲᠣᠮᠢᠯᠠᠬᠤ ᠠᠵᠢᠯ ᠪᠣᠯ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠ ᠺᠠᠳ᠋ᠷ | ᠴᠢᠳᠠᠪᠤᠷᠢᠲᠠᠨ ᠤ ᠳᠡᠮᠵᠢᠯᠭᠡ ᠬᠠᠩᠭᠠᠬᠤ ᠪᠣᠯᠤᠨ᠎ᠠ᠃ ᠲᠣᠮᠢᠯᠠᠭᠳᠠᠭᠰᠠᠨ ᠬᠥᠮᠦᠰ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ | ᠪᠠ ᠦᠢᠯᠡ ᠠᠵᠢᠯᠯᠠᠭ᠎ᠠ ᠪᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ | ᠪᠠ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ︔ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠲᠣᠰᠬᠤᠨ ᠳᠤ | ᠰᠠᠭᠤᠬᠤ ᠠᠵᠢᠯ ᠤᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠬᠦ ᠬᠡᠷᠡᠭᠲᠡᠢ︔ ᠠᠵᠢᠯ ᠤᠨ ᠠᠷᠭ᠎ᠠ ᠪᠠᠨ ᠳᠡᠭᠡᠭᠰᠢᠯᠡᠭᠦᠯᠵᠦ᠂ ᠰᠠᠭᠤᠭ᠎ᠠ ᠲᠣᠰᠬᠤᠨ ᠤ ᠡᠯ᠎ᠡ | ᠵᠦᠢᠯ ᠤᠨ ᠠᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠭᠰᠠᠨ ᠨᠢ᠂ ᠰᠢᠨ᠎ᠡ ᠪᠠᠷ ᠲᠣᠮᠢᠯᠠᠭᠰᠠᠨ ᠲᠣᠰᠬᠤᠨ ᠤ ᠨᠢᠭᠡᠳᠦᠭᠡᠷ ᠱᠦᠵᠢ ᠡᠷᠬᠡᠪᠰᠢ ᠪᠡᠶ᠎ᠡ ᠪᠠᠨ ᠴᠢᠩᠭ᠎ᠠ ᠱᠠᠭᠠᠷᠳᠠᠵᠤ᠂ | ᠰᠤᠷᠤᠯᠴᠠᠯᠭ᠎ᠠ ᠶᠢᠨ ᠰᠢᠰᠲ᠋ᠧᠮᠲᠦ ᠴᠢᠨᠠᠷ ᠢ ᠤᠬᠠᠮᠰᠠᠷ ᠠᠴᠠ ᠪᠠᠨ ᠴᠢᠩᠭᠠᠳᠬᠠᠵᠤ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ᠂ ᠡᠭᠦᠷᠭᠡ | ᠬᠠᠷᠠᠯᠲᠠ ᠵᠡᠷᠭᠡ ᠶᠢ ᠴᠥᠮ ᠳᠣᠲᠣᠷ᠎ᠠ ᠪᠠᠨ ᠲᠣᠳᠣᠷᠬᠠᠢ ᠪᠠᠶᠢᠵᠤ᠂ ᠦᠨᠡᠨᠬᠦ ᠤᠢᠢᠯᠠᠭᠠᠨ ᠰᠢᠩᠭᠡᠭᠡᠵᠦ ᠰᠤᠷᠮᠠᠭᠠᠢ ᠬᠡᠷᠡᠭᠯᠡᠵᠦ ᠴᠢᠳᠠᠬᠤ ᠬᠡᠷᠡᠭᠲᠡᠢ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡᠳᠦᠭᠡᠷ ᠹᠷᠣᠨᠲ ᠤᠨ ᠠᠵᠢᠯ ᠤᠨ ᠪᠠᠶᠢᠷᠢ ᠳᠤ ᠭᠠᠷᠤᠭᠰᠠᠨ ᠤ ᠳᠠᠷᠠᠭ᠎ᠠ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ᠂ ᠠᠵᠤ ᠦᠢᠯᠡᠰ ᠢ ᠬᠥᠭᠵᠢᠭᠦᠯᠬᠦ᠂ ᠨᠠᠮ ᠤᠨ ᠪᠠᠶᠢᠭᠤᠯᠤᠯᠲᠠ ᠶᠢᠨ ᠰᠠᠭᠤᠷᠢ ᠶᠢ | ᠪᠠᠬᠢᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠠᠪᠰᠤᠷᠤᠨ | ᠬᠦᠴᠦᠷᠬᠡᠭᠵᠢᠭᠦᠯᠵᠦ᠂ ᠲᠣᠰᠬᠤᠨ ᠢ ᠬᠦᠴᠦᠷᠬᠡᠭᠵᠢᠭᠦᠯᠦᠨ ᠠᠷᠠᠳ ᠢ ᠴᠢᠨᠡᠭᠡᠯᠢᠭᠵᠢᠭᠦᠯᠵᠦ᠂ ᠵᠠᠰᠠᠯᠲᠠ ᠶᠢᠨ ᠬᠢᠷᠢ ᠲᠦᠪᠰᠢᠨ ᠪᠣᠯᠤᠨ ᠠᠷᠠᠳ ᠤᠨ ᠲᠥᠯᠥᠭᠡ | ᠠᠵᠢᠯ ᠬᠢᠵᠦ ᠦᠢᠯᠡᠴᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠦᠨᠡᠨᠬᠦ ᠰᠢᠢᠳᠦᠨ ᠪᠣᠳᠠᠲᠠᠢ ᠰᠠᠭᠤᠬᠤ᠂ ᠦᠨᠡᠨᠬᠦ ᠬᠠᠪᠰᠤᠷᠤᠨ ᠪᠣᠳᠠᠲᠠᠢ ᠲᠡᠳᠬᠦᠬᠦ | ᠡᠷᠴᠢ ᠵᠣᠷᠢᠭ ᠢᠶᠠᠷ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠦᠢᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠳᠤᠮᠳᠠ ᠲᠠᠬᠢᠨ ᠰᠢᠨ᠎ᠡ ᠭᠠᠪᠢᠶ᠎ᠠ ᠪᠠᠶᠢᠭᠤᠯᠵᠤ᠂ ᠲᠠᠬᠢᠨ ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ ᠭᠡᠵᠡᠢ᠃ | ᠲᠣᠰ ᠤᠳᠠᠭᠠᠨ ᠤ ᠪᠣᠯᠪᠠᠰᠤᠷᠠᠭᠤᠯᠤᠯ ᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠭᠤᠯᠵᠤ᠂ ᠲᠥᠪᠯᠡᠷᠡᠭᠦᠯᠦᠨ ᠬᠢᠴᠢᠶᠡᠯᠯᠡᠬᠦ ᠪᠠ ᠦᠵᠡᠯ | ᠪᠣᠳᠤᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠬᠡᠯᠪᠡᠷᠢ ᠪᠠᠷ ᠥᠷᠨᠢᠭᠦᠯᠦᠨ᠎ᠡ᠃ |