ᠪᠦᠬᠦ ᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠬᠢ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2021/9/7
      ︵ᠰᠤᠷᠪᠤᠯᠵᠢᠯᠠᠭᠴᠢ ᠮᠢᠶᠥᠥ ᠰᠢᠨ︶ 9 ᠳ᠋ᠦ᠋ᠭᠡᠷ ᠰᠠᠷ᠎ᠠ ᠶᠢᠨ 6 ᠤ ᠡᠳᠦᠷ᠂ ᠪᠦᠬᠦ ᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ‌‍ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠬᠢ ᠰᠤᠷᠤᠯᠭ᠎ᠠ ᠡᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠦᠵᠡᠯ ᠰᠠᠨᠠᠭ᠎ᠠ ᠲᠠᠨᠢᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠠᠨ ᠲᠦᠮᠡᠨᠴᠢ ᠦᠵᠡᠯᠲᠡ ᠪᠠᠨ ᠴᠢᠩᠭᠠᠳᠬᠠᠵᠤ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠪᠦᠬᠦ ᠬᠤᠳᠠ ᠶᠢᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠬᠢᠨᠠᠨ ᠠᠩᠬᠠᠷᠬᠤ ᠬᠥᠮᠥᠰ ᠵᠢᠴᠢ ᠬᠥᠳᠡᠭᠡ ᠲᠣᠰᠬᠤᠨ ᠤ ᠳᠣᠣᠷ᠎ᠠ ᠣᠷᠣᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ᠶᠠᠳᠠᠭᠤᠷᠠᠬᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠠᠩᠬᠠᠷᠬᠤ ᠪᠠ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠶᠠᠳᠠᠭᠤᠷᠠᠬᠤ ᠳᠠᠬᠢᠨ ᠶᠠᠳᠠᠭᠤᠷᠠᠬᠤ  ᠲᠦᠭᠰᠢᠭᠦᠷᠢ ᠶᠢ ᠦᠨᠡᠨᠬᠦ ᠠᠷᠢᠯᠭᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠬᠠᠷᠠᠯᠲᠠ ᠶᠢ ᠴᠢᠩᠭ᠎ᠠ ᠠᠩᠬᠠᠷᠴᠤ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠵᠡᠷᠭᠡ ᠪᠣᠳᠠᠲᠠᠢ ᠡᠭᠦᠷᠭᠡ ᠶᠢ ᠡᠮᠬᠢ ᠵᠢᠷᠤᠮ ᠲᠠᠢ ᠪᠠᠷ ᠬᠦᠯᠢᠶᠡᠨ ᠠᠪᠬᠤ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠨ᠂ ᠰᠢᠷᠭᠠᠭᠤ ᠰᠤᠷᠤᠯᠴᠠᠬᠤ᠂ ᠴᠢᠳᠠᠮᠠᠭᠠᠢ ᠪᠠᠷ ᠰᠡᠳᠬᠢᠬᠦ᠂ ᠪᠣᠳᠠᠲᠠᠢ ᠶᠢ ᠡᠷᠬᠢᠮᠯᠡᠬᠦ ᠵᠣᠷᠢᠭ ᠰᠠᠨᠠᠭ᠎ᠠ ᠶᠢ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠥᠷᠯᠥᠭᠡ ᠦᠳᠡᠰᠢ ᠶᠢ ᠲᠡᠮᠡᠴᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠳᠠᠶᠢᠨ ᠤ ᠲᠠᠯᠠᠪᠤᠷ ᠲᠤ ᠰᠢᠨ᠎ᠡ ᠴᠠᠭ ᠦᠶ᠎ᠡ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ᠃      ᠲᠣᠰ ᠤᠳᠠᠭᠠᠨ ᠤ ᠪᠣᠯᠪᠠᠰᠤᠷᠠᠭᠤᠯᠤᠯ ᠨᠢ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠡᠷᠬᠢᠯᠡᠭᠰᠡᠨ᠂ ᠣᠨᠣᠯ ᠤᠨ ᠪᠣᠯᠪᠠᠰᠤᠷᠠᠭᠤᠯᠤᠯ ᠪᠠ ᠰᠤᠳᠤᠯᠤᠨ ᠶᠠᠷᠢᠯᠴᠠᠵᠤ ᠦᠵᠡᠯ ᠪᠣᠳᠤᠯ ᠢᠶᠠᠨ ᠰᠣᠯᠢᠯᠴᠠᠬᠤ ᠠᠷᠭ᠎ᠠ ᠮᠠᠶ᠋ᠢᠭ ᠢᠶᠠᠷ ᠬᠢᠭᠰᠡᠨ ᠪᠢᠲᠡᠭᠦᠮᠵᠢᠯᠡᠭᠰᠡᠨ ᠲᠥᠪᠯᠡᠷᠡᠭᠦᠯᠦᠭᠰᠡᠨ ᠪᠣᠯᠪᠠᠰᠤᠷᠠᠭᠤᠯᠤᠯ ᠪᠣᠯᠣᠨ᠎ᠠ᠃ ᠭᠤᠣᠯᠳᠠᠭᠤ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠥᠭᠦᠯᠡᠯᠲᠡ ᠶᠢᠨ ᠲᠠᠶᠢᠯᠤᠮᠵᠢ︔ ᠲᠥᠪ᠂ ᠲᠦᠷᠦ ᠶᠢᠨ ᠶᠠᠪᠤᠳᠠᠯ ᠤᠨ ᠬᠤᠷᠢᠶ᠎ᠠ᠂ ᠡᠯ᠎ᠡ ᠶᠠᠮᠤᠨ ᠵᠥᠪᠯᠡᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠲᠦᠷᠦ ᠶᠢᠨ ᠪᠤᠳᠤᠯᠭ᠎ᠠ ᠶᠢᠨ ᠲᠠᠶᠢᠯᠤᠮᠵᠢ︔ ᠤᠯᠤᠰ ᠤᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠥᠷᠨᠢᠭᠦᠯᠬᠦ ᠪᠠ ᠬᠥᠳᠡᠭᠡ ᠲᠣᠰᠬᠤᠨ ᠤ ᠵᠠᠰᠠᠯᠲᠠ ᠶᠢ ᠳᠥᠯᠭᠢᠨ ᠠᠬᠢᠭᠤᠯᠬᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠠ ᠲᠡᠷᠢᠭᠦᠨ ᠤ ᠲᠤᠷᠰᠢᠯᠭ᠎ᠠ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠰᠲ᠋ᠧᠮ ᠤᠨ ᠭᠤᠣᠯᠳᠠᠯᠭ᠎ᠠ ᠲᠠᠢ ᠠᠵᠢᠯ ᠤᠨ ᠳᠤᠮᠳᠠ ᠣᠷᠣᠰᠢᠵᠤ ᠪᠠᠶᠢᠭ᠎ᠠ ᠭᠤᠣᠯ ᠠᠰᠠᠭᠤᠳᠠᠯ᠂ ᠰᠡᠳᠬᠢᠴᠡ ᠵᠢᠴᠢ ᠠᠷᠭ᠎ᠠ ᠬᠡᠮᠵᠢᠶ᠎ᠡ ᠵᠡᠷᠭᠡ ᠳᠦᠷᠪᠡᠨ ᠲᠠᠯ᠎ᠠ ᠶᠢᠨ ᠠᠭᠤᠯᠭ᠎ᠠ ᠳᠤ ᠡᠭᠡᠯᠵᠢᠯᠡᠨ ᠪᠣᠯᠪᠠᠰᠤᠷᠠᠭᠤᠯᠤᠯ ᠬᠢᠨ᠎ᠡ᠃      ᠱᠠᠲᠤ ᠲᠡᠰ ᠬᠤᠪᠢᠶᠠᠨ᠂ ᠪᠥᠬᠦ ᠠᠵᠢᠯᠲᠠᠨ ᠢ ᠪᠣᠯᠪᠠᠰᠤᠷᠠᠭᠤᠯᠬᠤ ᠱᠠᠭᠠᠷᠳᠠᠯᠭ᠎ᠠ ᠶᠣᠰᠣᠭᠠᠷ᠂ ᠲᠣᠰ ᠤᠳᠠᠭᠠᠨ ᠤ ᠪᠣᠯᠪᠠᠰᠤᠷᠠᠭᠤᠯᠤᠯ ᠢ 3 ᠬᠤᠭᠤᠴᠠᠭ᠎ᠠ ᠡᠷᠭᠢᠯᠡᠵᠦ᠂ ᠬᠤᠭᠤᠴᠠᠭ᠎ᠠ ᠪᠦᠷᠢ ᠨᠢ 2 ᠡᠳᠦᠷ᠂ ᠬᠤᠲᠠ᠂ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠰᠲ᠋ᠧᠮ ᠤᠨ ᠺᠠᠳ᠋ᠷ᠂ ᠰᠢᠶᠠᠩ ᠪᠠᠯᠭᠠᠰᠤᠨ ᠤ ᠺᠠᠳ᠋ᠷ᠂ ᠲᠣᠰᠬᠤᠨ ᠤ ᠺᠠᠳ᠋ᠷ ᠪᠠ ᠲᠣᠰᠬᠤᠨ ᠳᠤ ᠲᠣᠮᠢᠯᠠᠭᠰᠠᠨ ᠨᠢᠭᠡᠳᠦᠭᠡᠷ ᠱᠦᠵᠢ ᠵᠡᠷᠭᠡ ᠶᠢ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠤᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ