︽ᠨᠢᠭᠡ ᠴᠣᠩᠬᠤ ᠪᠠᠷ ᠭᠦᠢᠴᠡᠳᠬᠡᠬᠦ︾ ᠨᠢ ᠣᠯᠠᠨ ᠲᠦᠮᠡᠨ ᠳᠤ ᠳᠥᠭᠦᠮ ᠦᠵᠡᠭᠦᠯᠪᠡ
ᠨᠡᠶᠢᠲᠡᠯᠡᠭᠰᠡᠨ ᠴᠠᠭ᠄
2021/9/8
20210908.jpg
      ᠡᠨᠡ ᠵᠢᠯ ᠠᠴᠠ ᠨᠠᠭᠠᠰᠢ᠂ ᠰᠠᠶᠢᠬᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︽ᠨᠢᠭᠡ ᠴᠣᠩᠬᠤ︾ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠶ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢᠨ ᠠᠯᠬᠤᠴᠠ ᠪᠠᠨ ᠲᠦᠷᠭᠡᠳᠬᠡᠵᠦ᠂ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠨᠢᠭᠡᠳᠦᠭᠡᠷ ᠳᠠᠪᠬᠤᠷᠯᠢᠭ ᠤᠨ ᠵᠡᠭᠦᠨ ᠲᠠᠯ᠎ᠠ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤ ᠭᠠᠷᠭᠠᠵᠤ᠂  ᠣᠴᠢᠷ ᠶᠠᠪᠤᠳᠠᠯ ᠭᠦᠢᠴᠡᠳᠬᠡᠬᠦ ᠣᠯᠠᠨ ᠲᠦᠮᠡᠨ ᠶᠡᠷᠦᠩᠬᠡᠶᠢᠯᠡᠭᠰᠡᠨ ᠴᠣᠩᠬᠤᠨ ᠤ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ ᠤᠨ ᠨᠠᠷᠢᠨ ᠬᠠᠭᠤᠳᠠᠰᠤ ᠶᠢ ᠦᠨᠳᠦᠰᠦᠯᠡᠨ ᠮᠠᠲ᠋ᠧᠷᠢᠶᠠᠯ ᠢᠶᠠᠨ ᠲᠤᠰᠢᠶᠠᠵᠤ᠂ ᠠᠵᠢᠯᠲᠠᠨ ᠠᠷᠤ ᠲᠠᠪᠴᠠᠩ ᠠᠴᠠ ᠲᠥᠷᠥᠯ ᠬᠤᠪᠢᠶᠠᠨ ᠭᠦᠢᠴᠡᠳᠬᠡᠵᠦ᠂ ᠭᠦᠢᠴᠡᠳᠬᠡᠵᠦ ᠳᠠᠭᠤᠰᠤᠭᠰᠠᠨ ᠤ ᠳᠠᠷᠠᠭ᠎ᠠ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠵᠦ ᠭᠡᠷᠡᠴᠢ ᠭᠠᠷᠭᠠᠬᠤ ᠴᠣᠩᠬᠤ ᠠᠴᠠ ᠬᠤᠯᠪᠣᠭᠳᠠᠯ ᠪᠥᠬᠦᠶ ᠦᠨᠡᠮᠯᠡᠯ ᠢ ᠭᠠᠷᠭᠠᠨ ᠥᠭᠴᠦ᠂ ᠣᠯᠠᠨ ᠲᠦᠮᠡᠨ ᠢ ᠡᠯ᠎ᠡ ᠴᠣᠩᠬᠤᠨ ᠳᠤ ᠣᠯᠠᠨ ᠤᠳᠠᠭ᠎ᠠ  ᠬᠦᠶᠦᠯᠭᠡᠬᠦ ᠠᠴᠠ ᠵᠠᠶᠢᠯᠠᠰᠬᠢᠵᠠᠢ᠃ ᠵᠢᠷᠤᠭ ᠪᠣᠯ ᠬᠤᠲᠠ ᠶᠢᠨ ᠠᠷᠠᠳ ᠠᠵᠢᠯᠲᠠᠨ ᠤ ᠪᠠᠨ ᠵᠢᠯᠣᠭᠤᠳᠣᠯᠭ᠎ᠠ ᠳᠣᠣᠷ᠎ᠠ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ ᠪᠠᠶᠢᠭ᠎ᠠ ᠨᠢ᠃ ᠰᠤᠷᠪᠤᠯᠵᠢᠯᠠᠭᠴᠢ ᠯᠢᠦ ᠵᠢᠶᠦ᠋ᠨ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ