ᠯᠢᠦᠶ ᠶᠣᠣ ᠯᠦᠩ ᠳᠠᠭᠠᠭᠠᠴᠢᠯᠠᠨ ᠬᠤᠯᠪᠣᠭᠠᠯᠠᠭᠰᠠᠨ ᠰᠤᠷᠭᠠᠭᠤᠯᠢ ᠶᠢᠨ ᠰᠤᠷᠤᠯᠭ᠎ᠠ ᠡᠬᠢᠯᠡᠭᠰᠡᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/9/9
9.8吕耀龙督导调研包联学校开学情况.jpg
      9 ᠰᠠᠷ᠎ᠠ ᠶᠢᠨ 1 ᠤ ᠡᠳᠦᠷ᠂ ᠰᠢᠶᠠᠨ ᠤ ᠳᠡᠳ᠋ ᠳᠠᠷᠤᠭ᠎ᠠ ᠯᠢᠦᠶ ᠶᠣᠣ ᠯᠦᠩ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ᠂ ᠱᠧᠩ ᠯᠧ ᠬᠥᠯ ᠪᠥᠮᠪᠦᠭᠡ ᠶᠢᠨ ᠰᠤᠷᠭᠠᠭᠤᠯᠢ ᠳᠤ ᠭᠦᠨᠵᠡᠭᠡᠶᠢᠷᠡᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠠᠵᠢᠯ ᠪᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃       ᠯᠢᠦᠶ ᠶᠣᠣ ᠯᠦᠩ ᠨᠠᠷ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ᠂ ᠠᠮᠤᠷ ᠲᠦᠪᠰᠢᠨ ᠤ ᠬᠠᠮᠢᠶᠠᠷᠤᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠤᠷᠭᠠᠭᠤᠯᠢ ᠶᠢᠨ ᠪᠠᠭᠰᠢ ᠰᠣᠷᠣᠭᠴᠢ ᠶᠢᠨ ᠨᠡᠷ᠎ᠡ ᠮᠡᠳᠡᠭᠦᠯᠬᠦ᠂ ᠢᠳᠡᠵᠦ ᠤᠤᠭᠤᠬᠤ ᠬᠤᠨᠣᠵᠤ ᠬᠡᠪᠲᠡᠬᠦ᠂ ᠢᠳᠡᠭᠡᠨ ᠤ ᠠᠮᠤᠷ ᠲᠦᠪᠰᠢᠨ᠂ ᠪᠠᠶᠢᠩᠭᠤ ᠶᠢᠨ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠨᠠᠷᠢᠨ ᠣᠶᠢᠯᠠᠭᠠᠪᠠ᠃       ᠯᠢᠦᠶ ᠶᠣᠣ ᠯᠦᠩ ᠰᠤᠷᠭᠠᠭᠤᠯᠢ ᠶᠢᠨ ᠡᠯ᠎ᠡ ᠵᠦᠢᠯ ᠤᠨ ᠪᠡᠯᠡᠳᠬᠡᠯ ᠠᠵᠢᠯ ᠢ ᠭᠦᠢᠴᠡᠳ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ᠂ ᠢᠮᠠᠭᠲᠠ ᠲᠤᠭ ᠲᠡᠮᠳᠡᠭ ᠲᠣᠳᠣᠷᠬᠠᠢ ᠪᠠᠷ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠷᠡᠰ ᠭᠤᠶᠢᠪᠢᠰᠢ ᠦᠭᠡᠢ ᠳᠡᠯᠭᠡᠷᠡᠭᠦᠯᠦᠨ ᠲᠦᠭᠡᠮᠡᠯᠵᠢᠭᠦᠯᠵᠦ᠂ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃       ᠯᠢᠦᠶ ᠶᠣᠣ ᠯᠦᠩ ᠵᠢᠭᠠᠵᠤ ᠭᠠᠷᠭᠠᠭᠰᠠᠨ ᠨᠢ᠂ ᠪᠠᠭᠰᠢ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠦᠵᠡᠯ ᠰᠠᠨᠠᠭᠠᠨ ᠤ ᠬᠥᠳᠡᠯᠦᠯ ᠪᠠᠶᠢᠳᠠᠯ ᠢ ᠨᠢᠭᠲᠠ ᠠᠩᠬᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠪᠣᠳᠠᠲᠠᠶ ᠠᠳᠬᠤᠵᠤ᠂ ᠪᠠᠭᠰᠢ ᠨᠠᠷ ᠰᠤᠷᠭᠠᠨ ᠬᠥᠮᠦᠵᠢᠯ ᠤᠨ ᠠᠷᠭ᠎ᠠ ᠪᠠᠷᠢᠯ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠦᠨ᠂ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢᠶᠠᠨ ᠰᠠᠶᠢᠵᠢᠷᠠᠭᠤᠯᠵᠤ᠂ ᠵᠢᠭᠠᠨ ᠰᠤᠷᠭᠠᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠶᠣᠰᠣ ᠮᠣᠷᠠᠯ ᠢ ᠪᠣᠶ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠪᠡ᠃       ᠵᠠᠰᠠᠭ ᠤᠨ ᠣᠷᠳᠣᠨ ᠤ ᠠᠯᠪᠠᠨ ᠬᠡᠷ᠂ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ