ᠰᠢᠶᠠᠨ ᠤ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠭᠰᠠᠨ ᠰᠤᠷᠭᠠᠭᠤᠯᠢ᠂ ᠳᠠᠭᠠᠭᠠᠴᠢᠯᠠᠨ ᠬᠤᠯᠪᠣᠭᠠᠯᠠᠭᠰᠠᠨ ᠭᠤᠤᠯᠳᠠᠯᠭ᠎ᠠ ᠲᠠᠢ ᠲᠥᠷᠥᠯ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠶ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/9/9
9.8县领导调研包联学校、包联重点项目疫情防控和安全生产工作.jpg
      9 ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ ᠹᠠᠨ ᠬᠤᠤ ᠪᠥᠸᠧ᠂ ᠰᠢᠶᠠᠨ ᠤ ᠳᠡᠳ᠋ ᠳᠠᠷᠤᠭ᠎ᠠ ᠯᠢᠦᠶ ᠶᠣᠣ ᠯᠦᠩ ᠴᠣᠷᠵᠢ ᠶᠢᠨ ᠠᠶᠢᠯ ᠪᠠᠯᠭᠠᠰᠤᠨ ᠳᠤ ᠭᠦᠨᠵᠡᠭᠡᠶᠢᠷᠡᠨ ᠰᠤᠷᠭᠠᠭᠤᠯᠢ ᠶᠢᠨ ᠰᠤᠷᠤᠯᠭ᠎ᠠ ᠡᠬᠢᠯᠡᠭᠰᠡᠨ ᠪᠠᠶᠢᠳᠠᠯ ᠪᠠ ᠭᠤᠤᠯᠳᠠᠯᠭ᠎ᠠ ᠲᠠᠢ ᠲᠥᠷᠥᠯ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠴᠣᠷᠵᠢ ᠶᠢᠨ ᠠᠶᠢᠯ ᠪᠠᠯᠭᠠᠰᠤᠨ ᠤ ᠪᠠᠭ᠎ᠠ ᠰᠤᠷᠭᠠᠭᠤᠯᠢ ᠪᠣᠯᠤᠨ ᠺᠦᠩ ᠭᠠᠩ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠰᠤᠷᠤᠯᠭ᠎ᠠ ᠡᠬᠢᠯᠡᠬᠦ ᠡᠮᠬᠢ ᠳᠢᠭᠯᠢᠮ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠪᠣᠯᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠤᠨ ᠲᠤᠬᠠᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ ᠬᠦᠷᠦᠭᠰᠡᠨ ᠭᠠᠵᠠᠷ ᠪᠣᠯᠭᠠᠨ ᠳᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠥᠮ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠠᠵᠢᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠵᠢᠴᠢ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠣᠶᠢᠯᠠᠭᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠯ᠎ᠡ ᠭᠠᠵᠠᠷ ᠤᠨ ᠡᠯ᠎ᠡ ᠵᠦᠢᠯ ᠤᠨ ᠠᠵᠢᠯ ᠢᠶᠠᠨ ᠡᠮᠬᠢ ᠵᠠᠮᠪᠠᠷᠠᠭ᠎ᠠ ᠲᠠᠢ ᠥᠷᠨᠢᠭᠦᠯᠦᠭᠰᠡᠨ ᠢ ᠭᠦᠢᠴᠡᠳ ᠨᠤᠲᠠᠯᠠᠵᠤ ᠪᠠᠶᠢᠬᠤ ᠪᠠᠨ ᠢᠯᠡᠳᠬᠡᠪᠡ᠃       ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠮᠥᠨ᠂ ᠪᠠᠭ᠎ᠠ ᠠᠴᠠ ᠡᠬᠢᠯᠡᠨ ᠠᠳᠬᠤᠵᠤ᠂ ᠰᠤᠷᠤᠭᠴᠢᠳ ᠤᠨ ᠡᠬᠡ ᠣᠷᠣᠨᠴᠢ ᠦᠵᠡᠯ ᠤᠨ ᠬᠥᠮᠦᠵᠢᠯ ᠪᠠ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠤᠨ ᠮᠡᠳᠡᠯᠭᠡ ᠶᠢ ᠤᠯᠠᠮᠵᠢᠯᠠᠬᠤ ᠶᠢ ᠴᠢᠩᠭᠠᠳᠬᠠᠨ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠲᠠᠰᠤᠷᠠᠯᠲᠠ ᠥᠬᠡᠶ ᠬᠥᠮᠦᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ᠂ ᠬᠦᠴᠦᠲᠡᠶ ᠲᠦᠰᠢᠭ ᠲᠤᠯᠭᠠᠭᠤᠷᠢ ᠬᠠᠩᠭᠠᠬᠤ ᠬᠡᠷᠡᠭᠲᠡᠶ ᠭᠡᠵᠡᠶ᠃       ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠰᠤᠷᠭᠠᠭᠤᠯᠢ ᠡᠬᠢᠯᠡᠬᠦ ᠲᠠᠰᠢᠷᠠᠮ ᠳᠤ᠂ ᠰᠤᠷᠭᠠᠭᠤᠯᠢ ᠨᠤᠭᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠤᠷ ᠲᠦᠪᠰᠢᠨ᠂ ᠬᠠᠮᠢᠶᠠᠷᠤᠯᠲᠠ ᠶᠢᠨ ᠠᠵᠢᠯ ᠢ ᠣᠷᠳᠣ ᠬᠤᠭᠤᠴᠠᠭ᠎ᠠ ᠪᠠᠷ ᠰᠠᠶᠢᠲᠤᠷ ᠠᠳᠬᠤᠵᠤ᠂ ᠰᠤᠷᠭᠠᠭᠤᠯᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠡᠷᠭᠢᠯᠡᠬᠦ ᠬᠡᠷᠡᠭᠲᠡᠶ︔ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯ ᠠᠷᠠᠳ ᠤᠨ ᠠᠮᠢᠳᠤᠷᠠᠯ ᠤᠨ ᠨᠢᠭᠡ ᠵᠦᠢᠯ ᠤᠨ ᠪᠣᠳᠠᠲᠤ ᠶᠠᠪᠤᠳᠠᠯ ᠮᠥᠨ᠂ ᠲᠤᠰᠬᠠᠶ ᠵᠦᠢᠯ ᠤᠨ ᠪᠠᠯᠠ ᠮᠥᠩᠭᠦ ᠶᠢ ᠰᠠᠶᠢᠲᠤᠷ ᠬᠡᠷᠡᠭᠯᠡᠵᠦ᠂ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠠᠮᠤᠷ ᠲᠦᠪᠰᠢᠨ ᠤ ᠠᠵᠢᠯ ᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ ᠠᠳᠬᠤᠨ᠂ ᠲᠥᠷᠥᠯ ᠵᠦᠢᠯ ᠢ ᠥᠨᠳᠥᠷ ᠬᠢᠷᠢ ᠲᠦᠪᠰᠢᠨ ᠲᠠᠢ᠂ ᠴᠢᠨᠠᠷ ᠰᠠᠶᠢᠲᠠᠶ᠂ ᠥᠨᠳᠥᠷ ᠪᠠᠷᠢᠮᠵᠢᠶ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ ᠭᠡᠰᠡᠨ ᠪᠠᠶᠢᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ