ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠤᠬᠠᠭᠤᠯᠪᠠ
ᠨᠡᠶᠢᠲᠡᠯᠡᠭᠰᠡᠨ ᠴᠠᠭ᠄
2021/9/9
20210909.jpg
      ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠡᠳᠦᠷ ᠳᠤᠳᠤᠮ ᠤᠨ ᠠᠮᠢᠳᠤᠷᠠᠯ ᠳᠤᠮᠳᠠ ᠪᠠᠨ ᠣᠷᠴᠢᠨ ᠲᠣᠭᠤᠷᠢᠨ ᠤ ᠬᠠᠮᠠᠭᠠᠯᠠᠯᠲᠠ᠂ ᠳᠣᠣᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠤᠢᠢᠯᠠᠭᠠᠭᠳᠠᠬᠤᠨ ᠢ ᠦᠢᠯᠡᠳᠦᠯᠭᠡᠵᠢᠭᠦᠯᠬᠦ ᠶᠢ ᠰᠠᠨᠠᠭᠠᠴᠢᠯᠠᠵᠤ᠂ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠨᠡᠩ ᠰᠠᠶᠢᠲᠤᠷ ᠠᠬᠢᠭᠤᠯᠬᠤ ᠶᠢᠨ ᠲᠥᠯᠥᠭᠡ᠂ 9 ᠳ᠋ᠦ᠋ᠭᠡᠷ ᠰᠠᠷ᠎ᠠ ᠶᠢᠨ 8 ᠤ ᠡᠳᠦᠷ᠂ ᠰᠠᠶᠢᠬᠠᠨ ᠲᠣᠭᠤᠷᠢᠭ ᠤᠨ ᠠᠷᠠᠳ ᠤᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠱᠢ ᠴᠢ ᠨᠡᠶᠢᠭᠡᠮ ᠲᠣᠭᠤᠷᠢᠭ ᠤᠨ ᠬᠤᠳᠠ ᠶᠢᠨ ᠬᠢᠯᠠᠰ ᠴᠡᠭ ᠬᠤᠷᠢᠶᠠᠯᠠᠯ ᠬᠤᠭ ᠨᠣᠪᠰᠢ ᠶᠢ ᠲᠦᠷᠦᠯ ᠬᠤᠪᠢᠶᠠᠬᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃ ᠰᠠᠶᠢᠨ ᠳᠤᠷ᠎ᠠ ᠶᠢᠨ ᠦᠢᠯᠡᠴᠢᠯᠡᠭᠴᠢᠳ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠬᠤᠭ ᠨᠣᠪᠰᠢ ᠶᠢ ᠲᠦᠷᠦᠯ ᠬᠤᠪᠢᠶᠠᠬᠤ ᠮᠡᠳᠡᠯᠭᠡ ᠶᠢ ᠨᠠᠷᠢᠨ ᠲᠠᠶᠢᠯᠪᠤᠷᠢᠯᠠᠵᠤ᠂ ᠰᠠᠭᠤᠭᠠᠯᠢ ᠠᠷᠠᠳ ᠤᠨ ᠬᠤᠭ ᠨᠣᠪᠰᠢ ᠶᠢ ᠲᠦᠷᠦᠯ ᠬᠤᠪᠢᠶᠠᠬᠤ ᠦᠢᠯᠡᠳᠦᠯᠭᠡ ᠳᠤ ᠢᠳᠡᠪᠬᠢᠲᠡᠢ ᠣᠷᠣᠯᠴᠠᠭᠤᠯᠵᠤ᠂ ᠰᠠᠶᠢᠨ ᠰᠠᠶᠢᠬᠠᠨ ᠭᠡᠷ ᠣᠷᠣᠨ ᠢᠶᠠᠨ ᠪᠦᠳᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃ ᠰᠤᠷᠪᠤᠯᠵᠢᠯᠠᠭᠴᠢ ᠯᠢᠶᠠᠩ ᠵᠢᠩ ᠱᠤ᠋ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ