| | | ︽ᠰᠢᠭᠤᠳ ᠨᠡᠪᠲᠡᠷᠡᠭᠦᠯᠭᠡ ᠦᠵᠡᠵᠦ᠂ ᠰᠣᠶᠣᠯ ᠢ ᠰᠣᠨᠣᠰᠴᠤ᠂ ᠪᠣᠳᠠᠰ ᠤᠨ ᠪᠤᠰᠤ ᠰᠣᠶᠣᠯ ᠤᠨ ᠥᠪ ᠢ ᠰᠣᠨᠢᠷᠬᠠᠵᠤ᠂ ᠴᠠᠭᠠᠨ ᠰᠠᠷ᠎ᠠ ᠶᠢᠨ | ᠪᠠᠷᠠᠭ᠎ᠠ ᠪᠡᠯᠡᠳᠬᠡᠬᠦ︾᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠤᠯᠯᠠᠨ ᠡᠷᠭᠢᠯᠡᠭᠰᠡᠨ ︽ᠥᠪᠥᠷ ᠮᠣᠩᠭᠤᠯ ᠤᠨ | ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ ᠰᠠᠷ᠎ᠠ ᠶᠢᠨ ᠪᠠᠷᠠᠭ᠎ᠠ ᠶᠢᠨ ᠨᠠᠶᠢᠷ︾ ᠤᠨ ᠰᠦᠯᠵᠢᠶᠡᠨ ᠳᠡᠭᠡᠷᠡᠬᠢ ᠠᠵᠢᠯᠯᠠᠭ᠎ᠠ 1 ᠳ᠋ᠦ᠋ᠭᠡᠷ ᠰᠠᠷ᠎ᠠ ᠶᠢᠨ 10 ᠤ | ᠡᠳᠦᠷ ᠠᠴᠠ ᠪᠥᠬᠦ ᠣᠷᠣᠨ ᠳᠤ ᠡᠬᠢᠯᠡᠪᠡ᠃ | ᠲᠤᠰ ᠠᠵᠢᠯᠯᠠᠭ᠎ᠠ ᠨᠢ ︽ᠳᠤᠮᠳᠠᠳᠤ ᠶᠢᠨ ᠦᠨᠳᠦᠰᠦᠲᠡᠨ ᠨᠥᠭᠦᠳ ᠨᠢᠭᠡ ᠭᠡᠷ ᠪᠦᠯᠢ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠵᠤ ᠴᠠᠭᠠᠨ | ᠰᠠᠷ᠎ᠠ ᠶᠢ ᠪᠡᠯᠭᠡᠯᠡᠬᠦ︾ ᠪᠠᠷ ᠰᠡᠳᠦᠪᠯᠡᠵᠦ᠂ ︽ᠰᠣᠶᠣᠯ ᠢ ᠤᠬᠠᠭᠤᠯᠬᠤ + ᠪᠦᠲᠦᠭᠡᠭᠳᠡᠬᠦᠨ ᠢ ᠲᠠᠨᠢᠯᠴᠠᠭᠤᠯᠬᠤ︾ ᠬᠡᠯᠪᠡᠷᠢ ᠪᠠᠷ ᠴᠠᠭᠠᠨ ᠰᠠᠷ᠎ᠠ ᠲᠠᠢ | ᠬᠤᠯᠪᠣᠭ᠎ᠠ ᠲᠠᠢ᠂ ᠲᠥᠯᠥᠭᠡᠯᠡᠬᠦ ᠴᠢᠨᠠᠷᠲᠠᠢ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ ᠰᠠᠷ᠎ᠠ ᠶᠢᠨ ᠪᠠᠷᠠᠭ᠎ᠠ ᠶᠢ ᠳᠡᠯᠭᠡᠨ | ᠦᠵᠡᠭᠦᠯᠵᠦ ᠳᠡᠯᠭᠡᠨ ᠪᠣᠷᠣᠯᠠᠭᠤᠯᠤᠨ᠎ᠠ᠃ ᠡᠭᠦᠨ ᠤ ᠵᠣᠷᠢᠯᠭ᠎ᠠ ᠨᠢ ᠥᠪᠥᠷ ᠮᠣᠩᠭᠤᠯ ᠤᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ | ᠵᠠᠯᠭᠠᠮᠵᠢᠯᠠᠭᠴᠢ ᠳᠤ ᠳᠡᠯᠭᠡᠷᠡᠭᠦᠯᠦᠨ ᠪᠣᠷᠣᠯᠠᠭᠤᠯᠬᠤ ᠲᠠᠪᠴᠠᠩ ᠪᠠᠶᠢᠭᠤᠯᠤᠨ ᠥᠭᠴᠦ᠂ ᠥᠷᠭᠡᠨ ᠣᠯᠠᠨ ᠠᠷᠠᠳ ᠲᠦᠮᠡᠨ ᠤ ᠪᠠᠶᠠᠷ ᠤᠨ ᠡᠳᠦᠷ ᠤᠨ | ᠠᠮᠢᠳᠤᠷᠠᠯ ᠢ ᠪᠠᠶᠠᠯᠢᠭᠵᠢᠭᠤᠯᠤᠨ᠂ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠲᠡᠮᠳᠡᠭᠲᠦ ᠶᠢ ᠲᠦᠭ ᠲᠦᠮᠡᠨ ᠠᠶᠢᠯ | ᠡᠷᠦᠬᠡ ᠳᠤ ᠬᠦᠷᠭᠡᠬᠦ ᠶᠢᠨ ᠲᠥᠯᠥᠭᠡ ᠶᠤᠮ᠃ | ᠲᠣᠰ ᠤᠳᠠᠭᠠᠨ ᠤ ᠠᠵᠢᠯᠯᠠᠭ᠎ᠠ ᠶᠢᠨ ᠭᠤᠤᠯ ᠬᠤᠷᠠᠯ ᠤᠨ ᠲᠠᠯᠠᠪᠠᠶ ᠶᠢ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠪᠠᠶᠢᠷᠢᠯᠠᠭᠤᠯᠵᠤ᠂ ᠡᠯ᠎ᠡ | ᠠᠶᠢᠮᠠᠭ ᠬᠤᠲᠠ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠠᠢ᠃ ᠭᠤᠣᠯ ᠬᠤᠷᠠᠯ ᠤᠨ ᠲᠠᠯᠠᠪᠠᠢ ᠶᠢᠨ ᠬᠥᠳᠡᠯᠭᠡᠭᠡᠨ ᠨᠢ ᠡᠯᠪᠡᠭ ᠪᠠᠶᠠᠯᠢᠭ ᠪᠠᠶᠢᠵᠤ᠂ | ᠭᠤᠣᠯᠯᠠᠨ ᠡᠷᠬᠢᠯᠡᠭᠰᠡᠨ ᠲᠠᠯ᠎ᠠ ᠶᠢᠨ ᠬᠢᠨ ᠪᠦᠬᠦ ᠣᠷᠣᠨ ᠤ ᠬᠡᠪᠴᠢᠶᠡᠨ ᠠᠴᠠ 50 ᠭᠠᠷᠤᠢ ᠲᠦᠷᠦᠯ ᠤᠨ ᠪᠣᠳᠠᠰ ᠤᠨ ᠪᠤᠰᠤ ᠰᠣᠶᠣᠯ ᠤᠨ ᠥᠪ ᠤᠨ | ᠵᠦᠢᠯᠡᠰ ᠤᠨ 200 ᠰᠢᠬᠠᠮ ᠲᠦᠷᠦᠯ ᠤᠨ ᠦᠢᠯᠡᠳᠬᠦᠨ ᠢ ᠨᠠᠷᠢᠨ ᠰᠣᠩᠭᠤᠵᠤ᠂ ᠵᠠᠭᠤᠴᠢᠯᠠᠭᠤᠷ ᠢᠶᠠᠷ ᠳᠠᠮᠵᠢᠭᠤᠯᠤᠨ ᠰᠢᠭᠤᠳ ᠨᠡᠪᠲᠡᠷᠡᠭᠦᠯᠦᠨ | ᠲᠠᠨᠢᠯᠴᠠᠭᠤᠯᠵᠤ᠂ ᠡᠯᠧᠺᠲᠷᠣᠨ ᠬᠤᠳᠠᠯᠳᠤᠭᠠᠨ ᠤ ᠲᠠᠪᠴᠠᠩ ᠢ ᠠᠰᠢᠭᠯᠠᠨ ᠰᠢᠭᠤᠳ ᠨᠡᠪᠲᠡᠷᠡᠭᠦᠯᠦᠨ ᠬᠤᠳᠠᠯᠳᠤᠨ᠎ᠠ᠃ ᠡᠭᠦᠨ ᠤ ᠬᠠᠮᠲᠤ ᠥᠪᠡᠷᠲᠡᠭᠡᠨ | ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠲᠠᠢ ᠬᠤᠯᠪᠣᠭᠠᠯᠠᠨ᠂ ᠦᠨᠳᠦᠰᠦᠨ | ᠱᠠᠲᠤᠨ ᠤ ᠭᠠᠷ ᠤᠷᠠᠯᠠᠯ ᠤᠨ ᠠᠵᠢᠯ ᠬᠢᠵᠦ ᠪᠠᠶᠢᠭ᠎ᠠ ᠡᠮᠡᠭᠲᠡᠶᠢᠴᠦᠳ᠂ ᠵᠡᠮᠳᠡᠭᠴᠦᠳ ᠤᠨ ᠦᠢᠯᠡᠳᠬᠦᠨ ᠢ ᠲᠤᠰᠬᠠᠶᠢᠯᠠᠨ ᠪᠣᠷᠣᠯᠠᠭᠤᠯᠤᠨ᠎ᠠ᠃ | ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠪᠡ |