ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠳᠤ ᠬᠦᠨᠳᠦᠳᠬᠡᠯ ᠳᠡᠪᠰᠢᠭᠦᠯᠦᠶ᠎ᠡ
ᠨᠡᠶᠢᠲᠡᠯᠡᠭᠰᠡᠨ ᠴᠠᠭ᠄
2022/1/11
20220111.jpg
   1 ᠳ᠋ᠦ᠋ᠭᠡᠷ ᠰᠠᠷ᠎ᠠ ᠶᠢᠨ 10 ᠤ ᠡᠳᠦᠷ ᠪᠣᠯ ᠬᠤᠶᠠᠳᠠᠬᠢ ᠳᠤᠮᠳᠠᠳᠤ ᠤᠯᠤᠰ ᠤᠨ ᠠᠷᠠᠳ ᠤᠨ ᠴᠠᠭᠳᠠᠭᠠᠨ ᠤ ᠪᠠᠶᠠᠷ ᠤᠨ ᠡᠳᠦᠷ ᠪᠣᠯᠬᠤ ᠮᠥᠷᠲᠡᠭᠡᠨ ᠪᠠᠰᠠ ᠴᠤ ᠪᠦᠬᠦ ᠤᠯᠤᠰ ᠤᠨ 36 ᠳ᠋ᠤᠭᠠᠷ ᠤᠳᠠᠭ᠎ᠠ ᠶᠢᠨ ︽110  ᠤᠨ ᠤᠬᠠᠭᠤᠯᠭ᠎ᠠ ᠶᠢᠨ ᠡᠳᠦᠷ︾ ᠪᠣᠯᠤᠨ᠎ᠠ᠃ ᠲᠤᠰ ᠡᠳᠦᠷ᠂ ᠢᠦᠶ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠡᠭᠡ ᠵᠣᠣ ᠲᠠᠯᠠᠪᠠᠶ ᠳᠤ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠵᠦ᠂ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠥᠨᠳᠡᠯᠡᠨ ᠪᠢᠴᠢᠭᠡᠰᠦ ᠨᠠᠭᠠᠬᠤ᠂ ᠤᠬᠠᠭᠤᠯᠭ᠎ᠠ ᠶᠢᠨ ᠰᠠᠮᠪᠠᠷ᠎ᠠ ᠭᠠᠷᠭᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ 110  ᠤᠨ ᠬᠤᠲᠠ ᠶᠢᠨ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠰᠢᠨ᠎ᠡ ᠠᠷᠭ᠎ᠠ ᠬᠡᠮᠵᠢᠶ᠎ᠡ ᠵᠢᠴᠢ ᠰᠢᠨ᠎ᠡ ᠦᠷ᠎ᠡ ᠪᠦᠲᠦᠭᠡᠯ ᠢ ᠥᠷᠭᠡᠨ ᠢᠶᠠᠷ ᠤᠬᠠᠭᠤᠯᠪᠠ᠃ ᠰᠤᠷᠪᠤᠯᠵᠢᠯᠠᠭᠴᠢ ᠸᠠᠩ ᠵᠥᠩ ᠵᠸᠦ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ