︵ᠰᠤᠷᠪᠤᠯᠵᠢᠯᠠᠭᠴᠢ ᠸᠠᠩ ᠵᠥᠩ ᠵᠸᠦ︶ ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠰᠣᠶᠣᠯ ᠤᠨ ᠣᠷᠳᠣᠨ ᠤ | ᠦᠨᠡᠯᠡᠨ ᠵᠢᠱᠢᠯᠲᠡ ᠪᠠᠷ ᠲᠠᠰ ᠲᠣᠭᠲᠠᠭᠠᠭᠰᠠᠨ ᠳᠡᠭᠡᠳᠦ ᠲᠠᠰ ᠤᠨ ᠰᠣᠶᠣᠯ ᠤᠨ ᠣᠷᠳᠣᠨ ᠤ ᠨᠡᠷᠡᠰ ᠢ ᠨᠡᠶᠢᠲᠡᠯᠡᠵᠦ᠂ ᠮᠠᠨ ᠤ ᠬᠤᠲᠠ ᠶᠢᠨ 3 ᠰᠣᠶᠣᠯ ᠤᠨ ᠣᠷᠳᠣᠨ ᠨᠢ | ᠤᠯᠤᠰ ᠤᠨ ᠨᠢᠭᠡᠳᠦᠭᠡᠷ ᠳᠡᠰ ᠤᠨ ᠰᠣᠶᠣᠯ ᠤᠨ ᠣᠷᠳᠣᠨ ᠢᠶᠠᠷ ᠦᠨᠡᠯᠡᠭᠳᠡᠪᠡ᠂ ᠲᠣᠰ ᠲᠣᠰ ᠬᠥᠬᠡᠬᠤᠲᠠ ᠶᠢᠨ ᠰᠣᠶᠣᠯ ᠤᠨ ᠣᠷᠳᠣᠨ᠂ ᠰᠢᠨ᠎ᠡ ᠬᠤᠲᠠ ᠲᠣᠭᠤᠷᠢᠭ ᠤᠨ | ᠰᠣᠶᠣᠯ ᠤᠨ ᠣᠷᠳᠣᠨ᠂ ᠰᠠᠶᠢᠬᠠᠨ ᠲᠣᠭᠤᠷᠢᠭ ᠤᠨ ᠰᠣᠶᠣᠯ ᠤᠨ ᠣᠷᠳᠣᠨ ᠪᠣᠯᠤᠨ᠎ᠠ᠃ | ᠡᠭᠦᠨ ᠠᠴᠠ ᠭᠠᠳᠠᠨ᠎ᠠ᠂ ᠮᠠᠨ ᠤ ᠬᠤᠲᠠ ᠠᠴᠠ ᠪᠠᠰᠠ 4 ᠰᠣᠶᠣᠯ ᠤᠨ ᠣᠷᠳᠣᠨ ᠬᠤᠶᠠᠳᠤᠭᠠᠷ ᠳᠡᠰ ᠤᠨ ᠰᠣᠶᠣᠯ ᠤᠨ ᠣᠷᠳᠣᠨ ᠢᠶᠠᠷ ᠰᠤᠩᠭᠤᠭᠳᠠᠵᠤ᠂ 2 ᠰᠣᠶᠣᠯ ᠤᠨ | ᠣᠷᠳᠣᠨ ᠨᠢ ᠭᠤᠷᠪᠠᠳᠤᠭᠠᠷ ᠳᠡᠰ ᠤᠨ ᠰᠣᠶᠣᠯ ᠤᠨ ᠣᠷᠳᠣᠨ ᠢᠶᠠᠷ ᠰᠤᠩᠭᠤᠭᠳᠠᠪᠠ᠃ ᠬᠤᠶᠠᠳᠤᠭᠠᠷ ᠳᠡᠰ ᠤᠨ ᠰᠣᠶᠣᠯ ᠤᠨ ᠣᠷᠳᠣᠨ ᠢᠶᠠᠷ ᠰᠤᠩᠭᠤᠭᠳᠠᠭᠰᠠᠨ ᠨᠢ ᠲᠤᠰ ᠲᠤᠰ | ᠬᠤᠲᠣᠩ ᠠᠷᠠᠳ ᠤᠨ ᠲᠣᠭᠤᠷᠢᠭ ᠤᠨ ᠰᠣᠶᠣᠯ ᠤᠨ ᠣᠷᠳᠣᠨ᠂ ᠢᠥᠢ ᠴᠢᠤᠸᠠᠨ ᠲᠣᠭᠤᠷᠢᠭ ᠤᠨ ᠰᠣᠶᠣᠯ ᠤᠨ ᠣᠷᠳᠣᠨ᠂ ᠲᠣᠭᠲᠠᠬᠤ ᠰᠢᠶᠠᠨ ᠤ ᠰᠣᠶᠣᠯ ᠤᠨ ᠣᠷᠳᠣᠨ᠂ | ᠬᠤᠷᠢᠨᠭᠡᠷ ᠰᠢᠶᠠᠨ ᠤ ᠰᠣᠶᠣᠯ ᠤᠨ ᠣᠷᠳᠣᠨ ᠪᠣᠯᠤᠨ᠎ᠠ᠃ ᠭᠤᠷᠪᠠᠳᠤᠭᠠᠷ ᠳᠡᠰ ᠤᠨ ᠰᠣᠶᠣᠯ ᠤᠨ ᠣᠷᠳᠣᠨ ᠢᠶᠠᠷ ᠰᠤᠩᠭᠤᠭᠳᠠᠭᠰᠠᠨ ᠨᠢ ᠲᠤᠰ ᠲᠤᠰ ᠴᠢᠩ ᠱᠦᠶ ᠾᠧ ᠰᠢᠶᠠᠨ ᠤ | ᠰᠣᠶᠣᠯ ᠤᠨ ᠣᠷᠳᠣᠨ᠂ ᠦᠴᠤᠸᠠᠨ ᠰᠢᠶᠠᠨ ᠤ ᠰᠣᠶᠣᠯ ᠤᠨ ᠣᠷᠳᠣᠨ ᠪᠣᠯᠤᠨ᠎ᠠ᠃ | ᠤᠢᠢᠷ᠎ᠠ ᠶᠢᠨ ᠵᠢᠯ ᠠᠴᠠ᠂ ᠬᠥᠬᠡᠬᠤᠲᠠ ᠶᠢᠨ ᠰᠣᠶᠣᠯ ᠤᠨ ᠣᠷᠳᠣᠨ ᠦᠢᠯᠡᠴᠢᠯᠡᠭᠡᠨ ᠤ ᠠᠷᠭ᠎ᠠ ᠪᠠᠷᠢᠯ ᠢᠶᠠᠨ ᠲᠠᠰᠤᠷᠠᠯᠲᠠ ᠦᠭᠡᠢ ᠰᠢᠨᠡᠴᠢᠯᠡᠵᠦ᠂ ᠦᠢᠯᠡᠴᠢᠯᠡᠭᠡᠨ ᠤ ᠬᠦᠷᠢᠶ᠎ᠡ | ᠴᠠᠷᠠᠭ᠎ᠠ ᠪᠠᠨ ᠥᠷᠭᠡᠳᠬᠡᠵᠦ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠣᠭᠠᠴᠢᠯᠠᠭᠰᠠᠨ ᠰᠣᠶᠣᠯ ᠤᠨ ᠮᠡᠳᠡᠭᠡ ᠵᠠᠩᠭᠢ ᠶᠢᠨ ᠲᠠᠪᠴᠠᠩ ᠢ ᠠᠰᠢᠭᠯᠠᠵᠤ᠂ ᠤᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠦᠷᠦᠯ ᠵᠦᠢᠯ᠂ ᠠᠵᠢᠯᠯᠠᠭ᠎ᠠ᠂ ᠴᠢᠳᠠᠪᠤᠷᠢᠲᠠᠨ ᠪᠠ ᠮᠡᠳᠡᠭᠡ ᠵᠠᠩᠭᠢ ᠵᠡᠷᠭᠡ ᠡᠯ᠎ᠡ ᠵᠦᠢᠯ ᠤᠨ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠪᠠ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠪᠡᠶᠡᠯᠡᠭᠦᠯᠵᠡᠢ᠃ ᠡᠭᠦᠨ ᠤ ᠵᠡᠷᠭᠡᠪᠡᠷ ᠪᠠᠰᠠ ᠢᠨᠲ᠋ᠧᠷ ᠰᠦᠯᠵᠢᠶᠡᠨ ᠤ ᠰᠡᠳᠬᠢᠬᠦᠶ ᠶᠢ ᠬᠡᠷᠡᠭᠯᠡᠨ᠂ | ᠲᠣᠭᠠᠴᠢᠯᠠᠯᠲᠠ ᠳᠤ ᠲᠦᠰᠢᠭᠯᠡᠨ ︽ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠰᠣᠶᠣᠯ ᠤᠨ ᠠᠵᠢᠯᠯᠠᠭ᠎ᠠ ᠶᠢ ᠠᠷᠠᠳ ᠣᠯᠠᠨ ᠤ ᠳᠡᠷᠭᠡᠳᠡ ᠬᠦᠷᠭᠡᠵᠦ᠂ ᠬᠤᠲᠠ | ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠤᠭᠰᠠᠨ ᠪᠠᠶᠢᠨ᠎ᠠ᠃ |