︽ᠨᠠᠮ ᠤᠨ ᠪᠠᠶᠢᠭᠤᠯᠤᠯᠲᠠ +  ᠡᠯᠧᠺᠲᠷᠤᠨ ᠬᠤᠳᠠᠯᠳᠤᠭ᠎ᠠ︾ ᠲᠣᠰᠬᠤᠨ ᠤ ᠠᠷᠠᠳ ᠤᠨ  ᠪᠠᠶᠠᠵᠢᠯ ᠤᠨ ᠬᠦᠰᠡᠯ ᠢ ᠲᠡᠷᠭᠡᠯᠰᠢᠭᠦᠯᠪᠡ
ᠨᠡᠶᠢᠲᠡᠯᠡᠭᠰᠡᠨ ᠴᠠᠭ᠄
2022/1/14
      res01_attpic_brief (1).jpg
      ᠣᠶᠢᠷ᠎ᠠ ᠶᠢᠨ ᠵᠢᠯ ᠳᠤ᠂ ᠰᠠᠶᠢᠬᠠᠨ ᠲᠣᠭᠤᠷᠢᠭ ᠤᠨ ᠬᠢᠨ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠵᠠᠩᠭᠢᠯᠠᠭ᠎ᠠ ᠶᠢ ᠴᠢᠩᠭ᠎ᠠ ᠠᠳᠬᠤᠵᠤ᠂ ︽ᠨᠠᠮ ᠤᠨ ᠪᠠᠶᠢᠭᠤᠯᠤᠯᠲᠠ + ᠡᠯᠧᠺᠲᠷᠣᠨ ᠬᠤᠳᠠᠯᠳᠤᠭ᠎ᠠ︾ ᠶᠢᠨ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠨᠠᠮ ᠤᠨ ᠪᠠᠶᠢᠭᠤᠯᠤᠯᠲᠠ ᠪᠠᠷ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠬᠠᠮᠲᠤ ᠶᠢᠨ ᠴᠣᠭᠴᠠ ᠶᠢ ᠪᠠᠶᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠠ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠥᠭᠵᠢᠯᠲᠡ ᠶᠢ ᠵᠡᠷᠭᠡᠪᠡᠷ ᠠᠬᠢᠭᠤᠯᠵᠤ᠂ ᠡᠷᠬᠢᠨ ᠲᠣᠭᠤᠷᠢᠨ ᠤ ᠲᠣᠰᠬᠤᠨ ᠤ ᠠᠮᠢ ᠠᠬᠤᠢ ᠶᠢᠨ ᠠᠵᠤ ᠦᠢᠯᠡᠰ ᠤᠨ ᠳᠠᠪᠠᠭᠤᠯᠢᠭ ᠲᠠᠢ ᠤᠶᠠᠯᠳᠤᠭᠤᠯᠵᠤ᠂ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠵᠠᠯᠠᠭᠤᠴᠤᠳ ᠤᠨ ︽ᠤᠮᠠᠷᠠᠲᠤ ᠶᠢᠨ ᠡᠭᠦᠯᠡᠨ ᠬᠥᠮᠥᠷᠭᠡ︾ ᠪᠠᠶᠢᠭᠤᠯᠬᠤ ᠶᠢ ᠢᠳᠡᠪᠬᠢᠲᠡᠢ ᠳᠡᠳᠬᠦᠨ ᠳᠡᠮᠵᠢᠵᠦ᠂ ᠬᠠᠮᠲᠤᠪᠠᠷ ᠵᠥᠪᠳᠡᠵᠦ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠢ ᠪᠣᠯᠭᠠᠵᠤ᠂ ᠲᠠᠷᠢᠶᠠᠴᠢᠳ ᠥᠷᠭᠡᠨ ᠢᠶᠠᠷ ᠣᠷᠣᠯᠴᠠᠬᠤ᠂ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠷᠡᠭᠦᠯᠦᠨ ᠪᠣᠷᠣᠯᠠᠭᠤᠯᠬᠤ᠂ ᠠᠵᠤ ᠦᠢᠯᠡᠰ ᠢ ᠴᠢᠨᠠᠷ ᠰᠠᠶᠢᠲᠠᠢ ᠬᠥᠭᠵᠢᠭᠦᠯᠬᠦ ᠰᠢᠨ᠎ᠡ ᠲᠠᠪᠴᠠᠩ ᠢ ᠪᠠᠶᠢᠭᠤᠯᠵᠠᠢ᠃       ︽ᠤᠮᠠᠷᠠᠲᠤ ᠶᠢᠨ ᠡᠭᠦᠯᠡᠨ ᠬᠦᠮᠦᠷᠭᠡ ᠮᠠᠨ ᠤ ᠲᠣᠰᠬᠤᠨ ᠳᠤ ᠲᠦᠷᠭᠡᠨ ᠬᠦᠭᠵᠢᠭᠰᠡᠨ ᠨᠢ ᠲᠣᠰᠬᠤᠨ ᠤ ᠠᠷᠠᠳ ᠢ ᠥᠨᠳᠦᠷ ᠣᠷᠤᠯᠭ᠎ᠠ ᠲᠠᠢ ᠪᠣᠯᠭᠠᠭᠰᠠᠨ ᠪᠦᠭᠡᠳ ᠬᠥᠳᠡᠭᠡ ᠲᠣᠰᠬᠤᠨ ᠳᠤ ᠡᠯᠧᠺᠲᠷᠣᠨ ᠬᠤᠳᠠᠯᠳᠤᠭᠠᠨ ᠤ ᠠᠵᠤ ᠦᠢᠯᠡᠰ ᠢ ᠬᠥᠭᠵᠢᠭᠦᠯᠬᠦ ᠯᠤᠲᠤ ᠶᠡᠭᠡ ᠳᠠᠯᠳᠠ ᠬᠦᠴᠦᠨ  ᠲᠠᠢ ᠭᠡᠳᠡᠭ ᠢ ᠪᠢᠳᠡᠨ ᠳᠤ  ᠬᠠᠷᠠᠭᠤᠯᠤᠯ᠎ᠠ︾ ᠭᠡᠵᠦ ᠱᠤ᠋ ᠭᠤᠸᠠᠩ ᠲᠣᠰᠬᠤᠨ ᠤ ᠨᠠᠮ ᠤᠨ ᠡᠭᠦᠷ ᠤᠨ ᠱᠦᠵᠢ ᠭᠤᠤ ᠡᠯ ᠵᠦᠩ ᠬᠡᠯᠡᠵᠦ ᠪᠠᠶᠢᠯ᠎ᠠ᠃       ᠵᠢᠷᠤᠭ ᠪᠣᠯ ᠰᠠᠶᠢᠬᠠᠨ ᠲᠣᠭᠤᠷᠢᠭ ᠤᠨ ᠱᠤ᠋ ᠭᠤᠸᠠᠩ ᠲᠣᠰᠬᠤᠨ ᠳᠤ ᠪᠠᠶᠢᠷᠢᠯᠠᠭ᠎ᠠ ᠡᠨᠡᠬᠦ ᠤᠮᠠᠷᠠᠲᠤ ᠶᠢᠨ  ᠡᠭᠦᠯᠡᠨ ᠬᠦᠮᠦᠷᠭᠡ ᠡᠯᠧᠺᠲᠷᠣᠨ ᠬᠤᠳᠠᠯᠳᠤᠭᠠᠨ ᠤ ᠲᠠᠪᠴᠠᠩ ᠪᠣᠯᠣᠨ᠎ᠠ᠂  ᠡᠨᠡᠬᠦ ᠲᠠᠪᠴᠠᠩ ᠨᠢ ᠡᠷᠬᠢᠨ ᠲᠣᠭᠤᠷᠢᠨ ᠤ ᠬᠥᠳᠡᠭᠡ ᠲᠣᠰᠬᠤᠨ ᠤ ᠠᠷᠠᠳ ᠤᠨ ᠠᠵᠢᠯ ᠣᠯᠭᠤᠯᠲᠠ ᠶᠢ ᠳᠠᠶᠢᠴᠢᠯᠠᠭᠰᠠᠨ ᠢᠶᠠᠷ ᠪᠠᠷᠠᠬᠤ ᠦᠭᠡᠢ ᠨᠡᠩ ᠴᠤ ᠡᠨᠡᠬᠦ ᠬᠤᠯᠠ ᠤᠢᠢᠷ᠎ᠠ ᠳᠠᠭᠠᠨ ᠠᠯᠳᠠᠷᠲᠠᠢ ︽ᠪᠦᠬᠦ ᠤᠯᠤᠰ ᠤᠨ ᠪᠣᠯᠪᠠᠰᠤᠨ ᠲᠣᠰᠬᠤᠨ︾ ᠳᠤ ᠰᠢᠨ᠎ᠡ ᠨᠡᠷ᠎ᠡ ᠶᠢᠨ ᠬᠠᠭᠤᠳᠠᠰᠤ ᠭᠠᠷᠭᠠᠵᠤ ᠥᠭᠴᠡᠢ᠃           ᠰᠤᠷᠪᠤᠯᠵᠢᠯᠠᠭᠴᠢ ᠶᠠᠩ ᠼᠠᠢ ᠰᠢᠶᠠ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ