| | | 1 ᠳ᠋ᠦ᠋ᠭᠡᠷ ᠰᠠᠷ᠎ᠠ ᠶᠢᠨ 14 ᠤ ᠡᠳᠦᠷ᠂ ︽ᠳᠤᠮᠳᠠᠳᠤ ᠶᠢᠨ ᠦᠨᠳᠦᠰᠦᠲᠡᠨ ᠨᠥᠭᠦᠳ ᠨᠢᠭᠡ ᠭᠡᠷ ᠤᠨ ᠬᠦᠮᠦᠨ ᠮᠡᠲᠦ ᠳᠤᠲᠤᠨᠤ᠂ ᠪᠣᠳᠠᠰ ᠤᠨ ᠪᠤᠰᠤ | ᠰᠣᠶᠣᠯ ᠤᠨ ᠥᠪ ᠢ ᠤᠯᠠᠮᠵᠢᠯᠠᠵᠤ ᠴᠠᠭᠠᠨ ᠰᠠᠷ᠎ᠠ ᠶᠢ ᠪᠡᠯᠭᠡᠯᠡᠶ᠎ᠡ︾ ᠪᠠᠷ ᠰᠡᠳᠦᠪᠯᠡᠭᠰᠡᠨ 2022 ᠣᠨ ᠤ ᠬᠥᠬᠡᠬᠤᠲᠠ ᠶᠢᠨ ᠪᠣᠳᠠᠰ ᠤᠨ ᠪᠤᠰᠤ ᠰᠣᠶᠣᠯ ᠤᠨ | ᠥᠪ ᠤᠨ ᠴᠠᠭᠠᠨ ᠰᠠᠷ᠎ᠠ ᠶᠢᠨ ᠪᠠᠷᠠᠭ᠎ᠠ ᠶᠢ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠬᠦ ᠠᠵᠢᠯᠯᠠᠭ᠎ᠠ ᠶᠡᠭᠡ ᠲᠦᠷᠭᠡᠨ ᠭᠤᠣᠯ ᠤᠨ ᠴᠡᠷᠢᠭ ᠤᠨ ᠭᠤᠣᠯ | ᠰᠡᠳᠦᠪᠲᠦ ᠴᠡᠴᠡᠷᠯᠢᠭ ᠲᠤ ᠶᠠᠪᠤᠭᠳᠠᠵᠤ᠂ ᠥᠷᠭᠡᠨ ᠤᠯᠠᠨ ᠬᠤᠳᠠ ᠶᠢᠨ ᠠᠷᠠᠳ ᠲᠤ ᠥᠪᠡᠷᠮᠢᠴᠡ ᠣᠨᠴᠠᠯᠢᠭ ᠲᠠᠢ ᠴᠠᠭᠠᠨ ᠰᠠᠷ᠎ᠠ ᠶᠢᠨ ᠪᠠᠷᠠᠭ᠎ᠠ ᠶᠢᠨ | ᠦᠪᠡᠳᠡᠭᠰᠢ ᠨᠠᠶᠢᠷ ᠬᠢᠵᠦ ᠥᠭᠴᠡᠢ᠃ | ᠲᠣᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ | ᠠᠵᠢᠯᠯᠠᠭ᠎ᠠ ᠨᠢ 1 ᠳ᠋ᠦ᠋ᠭᠡᠷ ᠰᠠᠷ᠎ᠠ ᠶᠢᠨ 14 ᠤ ᠡᠳᠦᠷ ᠠᠴᠠ ᠡᠬᠢᠯᠡᠵᠦ 1 ᠳ᠋ᠤᠭᠡᠷ ᠰᠠᠷ᠎ᠠ ᠶᠢᠨ 16 ᠤ ᠡᠳᠦᠷ ᠲᠡᠭᠦᠰᠴᠦ᠂ 3 ᠡᠳᠦᠷ ᠤᠨ ᠬᠤᠭᠤᠴᠠᠭ᠎ᠠ ᠲᠠᠢ | ᠶᠠᠪᠤᠭᠳᠠᠵᠠᠢ᠃ | ᠰᠢᠭᠤᠳ ᠨᠡᠪᠲᠡᠷᠡᠭᠦᠯᠭᠡ ᠶᠢᠨ ᠠᠬᠤᠢ ᠲᠠᠯᠠᠪᠠᠶ ᠳᠤ᠂ ᠮᠠᠨ ᠤ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠬᠤᠷᠢ ᠭᠠᠷᠤᠶ ᠢᠯᠡ ᠲᠣᠳᠣ | ᠣᠷᠣᠨ ᠨᠤᠲᠤᠭ ᠤᠨ ᠣᠨᠴᠠᠯᠢᠭ ᠲᠠᠢ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠱᠣᠣᠮᠠᠢ᠂ ᠶᠤᠤᠮᠠᠢ ᠶᠢᠨ ᠭᠤᠯᠢᠷ᠂ ᠠᠷᠠᠰᠤᠨ ᠵᠢᠷᠤᠭ᠂ | ᠮᠠ ᠣᠪᠤᠭᠲᠤ ᠶᠢᠨ ᠨᠠᠷᠢᠯᠢᠭ ᠪᠣᠭᠤᠷᠰᠤᠭ᠂ ᠰᠠᠶᠢᠬᠠᠨ ᠴᠣᠩᠬᠤᠨ ᠤ ᠬᠤᠸᠠᠷ᠂ ᠲᠣᠭᠲᠠᠬᠤ ᠶᠢᠨ ᠤᠯᠠᠮᠵᠢᠯᠠᠯᠲᠤ ᠴᠢᠨᠠᠭᠰᠠᠨ ᠵᠢᠭᠠᠰᠤ᠂ ᠴᠢᠩ ᠱᠦᠶ ᠾᠧ | ᠰᠢᠶᠠᠨ ᠤ ᠪᠤᠳᠠᠭᠠᠨ ᠼᠤᠤ ᠵᠢᠴᠢ ︽ᠴᠡᠯᠡᠭᠡᠷ ᠲᠠᠯ᠎ᠠ ᠶᠢᠨ ᠭᠠᠷ ᠪᠡᠯᠡᠭ︾ ᠢ ᠰᠦᠯᠵᠢᠶᠡᠨ ᠤ ᠵᠠᠭᠤᠴᠢᠯᠠᠭᠤᠷ ᠪᠠ ᠰᠦᠯᠵᠢᠶᠡᠨ ᠤ ᠴᠤᠤᠲᠠᠨ ᠤ ᠰᠢᠭᠤᠳ | ᠨᠡᠪᠲᠡᠷᠡᠭᠦᠯᠭᠡ ᠶᠢᠨ ᠬᠡᠯᠪᠡᠷᠢ ᠪᠠᠷ ᠤᠯᠠᠨ ᠲᠦᠮᠡᠨ ᠳᠤ ᠲᠠᠨᠢᠯᠴᠠᠭᠤᠯᠬᠤ ᠶᠢᠨ ᠬᠠᠮᠲᠤ ᠪᠠᠰᠠ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠢ | ᠦᠢᠯᠡᠳᠬᠦ ᠪᠠ ᠠᠮᠳᠠᠯᠠᠬᠤ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠳᠡᠯᠭᠡᠨ ᠦᠵᠡᠭᠦᠯᠬᠦ ᠪᠠ ᠤᠯᠠᠮᠵᠢᠯᠠᠨ ᠵᠠᠯᠭᠠᠮᠵᠢᠯᠠᠬᠤ ᠵᠡᠷᠭᠡ | ᠠᠵᠢᠯᠯᠠᠭ᠎ᠠ ᠶᠠᠪᠤᠭᠳᠠᠵᠠᠢ᠃ ᠠᠵᠢᠯᠯᠠᠭ᠎ᠠ ᠨᠢ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠵᠠᠯᠭᠠᠮᠵᠢᠯᠠᠭᠴᠢ ᠶᠢᠨ ᠤᠷ᠎ᠠ ᠮᠡᠷᠭᠡᠵᠢᠯ ᠤᠨ | ᠦᠵᠡᠭᠦᠯᠦᠯᠭᠡ᠂ ᠲᠤᠰᠬᠠᠶ ᠮᠡᠷᠭᠡᠵᠢᠯᠲᠡᠨ ᠤ ᠲᠠᠶᠢᠯᠤᠮᠵᠢ᠂ ᠲᠥᠷᠥᠯ ᠲᠡᠮᠳᠡᠭᠲᠦ ᠶᠢᠨ ᠥᠯᠢᠭᠡᠷ ᠢ ᠲᠠᠨᠢᠯᠴᠠᠭᠤᠯᠬᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ | ᠬᠤᠳᠠᠯᠳᠤᠨ ᠠᠪᠬᠤ ᠵᠡᠷᠭᠡ ᠭᠤᠭᠴᠤᠭ᠎ᠠ ᠶᠢ ᠪᠦᠲᠦᠮᠵᠢᠲᠡᠶ ᠬᠤᠯᠪᠣᠵᠤ᠂ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠠᠷᠠᠳ ᠣᠯᠠᠨ ᠳᠤ ᠪᠣᠳᠠᠰ ᠤᠨ | ᠪᠤᠰᠤ ᠰᠣᠶᠣᠯ ᠤᠨ ᠥᠪ ᠤᠨ ᠪᠠᠷᠠᠭ᠎ᠠ ᠬᠤᠳᠠᠯᠳᠤᠨ ᠠᠪᠬᠤ ᠶᠢ ᠣᠶᠢᠯᠠᠭᠤᠯᠬᠤ ᠶᠢᠨ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ | ᠦᠷ᠎ᠡ ᠪᠦᠲᠦᠭᠡᠯ ᠢ ᠣᠯᠠᠨ ᠳᠤ ᠡᠳ᠋ᠯᠡᠭᠦᠯᠵᠡᠢ᠃ ᠰᠤᠷᠪᠤᠯᠵᠢᠯᠠᠭᠴᠢ ᠮᠢᠶᠣᠣ ᠴᠢᠩ ᠰᠡᠭᠦᠳᠡᠷᠯᠡᠪᠡ |