ᠬᠥᠬᠡᠬᠤᠲᠠ ᠶᠢᠨ ᠮᠦᠰᠦ ᠴᠠᠰᠤᠨ ᠤ ᠤᠯᠠᠷᠢᠯ ᠤᠨ ᠰᠢᠷᠢᠰ ᠠᠵᠢᠯᠯᠠᠭ᠎ᠠ᠄ ᠲᠠᠯ᠎ᠠ ᠨᠤᠲᠤᠭ ᠤᠨ ᠺᠢᠨᠣ᠋ ᠶᠢᠨ ᠬᠤᠪᠢᠰᠬᠠᠯᠲᠤ ᠠᠶᠠᠯᠠᠯ ᠵᠢᠴᠢ ᠪᠡᠭᠡᠵᠢᠩ ᠤᠨ ᠦᠨᠳᠦᠰᠦᠲᠡᠨ ᠤ ᠺᠢᠨᠣ᠋ ᠶᠢᠨ ᠦᠵᠡᠭᠦᠯᠦᠯᠭᠡ ︵ᠬᠥᠬᠡᠬᠤᠲᠠ ᠥᠷᠲᠡᠭᠡ︶ ᠡᠬᠢᠯᠡᠪᠡ
ᠨᠡᠶᠢᠲᠡᠯᠡᠭᠰᠡᠨ ᠴᠠᠭ᠄
2022/1/18
      ︵ᠰᠤᠷᠪᠤᠯᠵᠢᠯᠠᠭᠴᠢ ᠯᠢᠦ ᠯᠢ ᠰᠢᠶᠠ︶ ᠮᠠᠨ ᠤ ᠬᠤᠳᠠ ᠶᠢᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠳᠠᠪᠠᠭᠤᠯᠢᠭ ᠢ ᠭᠦᠢᠴᠡᠳ ᠠᠭᠤᠳᠠᠯᠵᠤ᠂ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠬᠡᠵᠦ᠂ ᠵᠠᠭᠤᠨ ᠵᠢᠯ ᠤᠨ ᠦᠨᠳᠦᠰᠦᠲᠡᠨ ᠤ ᠪᠠᠭᠠᠲᠤᠷ ᠤᠨ ᠦᠯᠢᠭᠡᠷ ᠢ ᠶᠠᠷᠢᠵᠤ᠂ ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠶᠢᠨ ᠲᠥᠯᠥᠭᠡ᠂ 1 ᠳ᠋ᠤᠭᠡᠷ ᠰᠠᠷ᠎ᠠ ᠶᠢᠨ 16 ᠤ ᠡᠳᠦᠷ᠂ ᠲᠠᠯ᠎ᠠ ᠨᠤᠲᠤᠭ ᠤᠨ ᠺᠢᠨᠣ᠋ ᠶᠢᠨ ᠬᠤᠪᠢᠰᠬᠠᠯᠲᠤ ᠠᠶᠠᠯᠠᠯ ᠵᠢᠴᠢ ᠪᠡᠭᠡᠵᠢᠩ ᠤᠨ ᠦᠨᠳᠦᠰᠦᠲᠡᠨ ᠤ ᠺᠢᠨᠣ᠋ ᠶᠢᠨ  ᠦᠵᠡᠭᠦᠯᠦᠯᠭᠡ ︵ᠬᠥᠬᠡᠬᠤᠲᠠ ᠦᠷᠳᠡᠭᠡ︶ ᠶᠢᠨ ᠠᠵᠢᠯᠯᠠᠭ᠎ᠠ ᠬᠥᠬᠡᠬᠤᠲᠠ ᠶᠢᠨ ᠮᠦᠽᠧᠢ ᠳᠤ ᠶᠠᠪᠤᠭᠳᠠᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠵᠡᠷᠭᠡᠪᠡᠷ ᠥᠷᠨᠢᠭᠦᠯᠦᠨ᠎ᠡ᠃ ᠤᠯᠠᠨ ᠢ ᠳᠠᠭᠠᠭᠤᠯᠤᠨ ᠰᠦᠷ ᠳᠠᠯᠠᠶᠢᠴᠠᠲᠠᠢ ᠬᠠᠷᠠᠭᠠᠨ ᠰᠡᠷᠡᠯ ᠤᠨ ᠲᠤᠤᠯᠢᠰ ᠢ ᠤᠷᠪᠠᠭᠤᠯᠤᠨ ᠦᠵᠡᠵᠦ᠂ ᠲᠦᠮᠡᠨ ᠦᠶ᠎ᠡ ᠶᠢᠨ ᠲᠥᠷᠥ ᠭᠦᠷᠦᠨ ᠤ ᠥᠨᠥᠳᠦᠷ ᠤᠨ ᠰᠢᠨ᠎ᠡ ᠦᠵᠡᠰᠬᠦᠯᠡᠩᠲᠦ ᠦᠵᠡᠮᠵᠢ  ᠪᠦᠬᠦᠨ ᠢ ᠲᠣᠭᠤᠷᠢᠨ ᠦᠵᠡᠵᠦ᠂ ︽ᠵᠠᠭᠤᠨ ᠵᠢᠯ ᠤᠨ ᠲᠡᠮᠡᠴᠡᠯ ᠢ ᠡᠷᠭᠢᠴᠡᠭᠦᠯᠵᠦ᠂  ᠵᠢᠷᠤᠭ ᠰᠡᠭᠦᠳᠡᠷ ᠤᠨ ᠠᠶᠠᠨ ᠳᠠᠭᠠᠨ ᠲᠠᠬᠢᠨ ᠮᠣᠷᠳᠠᠬᠤ︾ ᠠᠶᠠᠯᠠᠯ ᠢᠶᠠᠨ ᠡᠬᠢᠯᠡᠭᠦᠯᠬᠦ ᠪᠣᠯᠤᠨ᠎ᠠ᠃      ᠪᠡᠭᠡᠵᠢᠩ ᠤᠨ ᠦᠨᠳᠦᠰᠦᠲᠡᠨ ᠤ ᠺᠢᠨᠣ᠋ ᠶᠢᠨ ᠦᠵᠡᠭᠦᠯᠦᠯᠭᠡ ᠪᠣᠯ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠣᠶᠣᠯ ᠤᠷᠠᠯᠢᠭ ᠢ ᠠᠬᠢᠭᠤᠯᠬᠤ ᠨᠡᠶᠢᠭᠡᠮᠯᠢᠭ ᠤᠨ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠲᠥᠪᠯᠡᠷᠡᠭᠦᠯᠦᠨ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠲᠦᠷᠦᠯ ᠲᠡᠮᠳᠡᠭᠲᠦ ᠠᠵᠢᠯᠯᠠᠭ᠎ᠠ ᠪᠣᠯᠤᠨ᠎ᠠ᠂ ᠤᠷᠢᠳ ᠬᠤᠵᠢᠳ ᠪᠡᠭᠡᠵᠢᠩ᠂ ᠰᠢᠶᠠᠮᠧᠨ ᠳᠤ ᠳᠡᠯᠭᠡᠨ ᠦᠵᠡᠭᠦᠯᠪᠡ᠂ ᠬᠥᠬᠡᠬᠤᠲᠠ ᠨᠢ ᠭᠤᠷᠪᠠᠳᠤᠭᠠᠷ ᠦᠷᠳᠡᠭᠡ ᠪᠠᠶᠢᠵᠤ᠂ ᠲᠤᠬᠠᠢ ᠶᠢᠨ ᠲᠠᠯᠠᠪᠠᠢ ᠳᠤ ᠲᠤᠤᠯᠢᠰ ᠤᠨ ᠴᠢᠨᠠᠷ ᠴᠢᠨᠰᠠᠭ᠎ᠠ ᠲᠠᠢ᠂ ᠰᠡᠳᠬᠢᠯ ᠵᠢᠷᠦᠬᠡ ᠶᠢ ᠲᠤᠭᠳᠤᠯᠤᠭᠤᠯᠤᠮ᠎ᠠ ᠵᠠᠭᠤ ᠭᠠᠷᠤᠢ ᠺᠢᠨᠣ᠋ ᠲᠧᠯᠸᠢᠰ ᠤᠨ ᠰᠣᠩᠭᠤᠳᠠᠭ ᠪᠦᠲᠦᠭᠡᠯ ᠢ ᠳᠡᠯᠭᠡᠨ ᠦᠵᠡᠭᠦᠯᠵᠦ ᠪᠠᠶᠢᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ