ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ︽ᠲᠠᠷᠢᠶᠠᠯᠠᠩ ᠮᠠᠯ ᠠᠵᠤ ᠠᠬᠤᠢ ᠶᠢᠨ ᠰᠠᠶᠢᠨ ᠰᠣᠨᠢᠨ ᠮᠡᠳᠡᠭᠡ︾ ᠶᠢᠨ ᠱᠠᠩᠨᠠᠯ ᠣᠯᠭᠤᠬᠤ ᠶᠣᠰᠣᠯᠠᠯ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2022/1/18
      ︵ᠰᠤᠷᠪᠤᠯᠵᠢᠯᠠᠭᠴᠢ ᠮᠢᠶᠣᠣ ᠴᠢᠩ︶ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ︽ᠲᠠᠷᠢᠶᠠᠯᠠᠩ ᠮᠠᠯ ᠠᠵᠤ ᠠᠬᠤᠢ ᠶᠢᠨ ᠰᠠᠶᠢᠨ ᠰᠣᠨᠢᠨ ᠮᠡᠳᠡᠭᠡ︾ ᠶᠢᠨ ᠱᠠᠩᠨᠠᠯ ᠣᠯᠭᠤᠬᠤ ᠶᠣᠰᠣᠯᠠᠯ 15 ᠤ ᠡᠳᠦᠷ ᠮᠠᠨ ᠤ ᠬᠤᠳᠠ ᠳᠤ ᠶᠠᠪᠤᠭᠳᠠᠵᠤ᠂ ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠵᠡᠷᠭᠡ 18 ᠰᠣᠨᠢᠨ ᠮᠡᠳᠡᠭᠡᠨ ᠤ ᠨᠢᠭᠡᠴᠡ ᠶᠢᠨ 71 ᠪᠦᠲᠦᠭᠡᠯ ᠱᠠᠩᠨᠠᠯ ᠬᠦᠷᠳᠡᠵᠡᠢ᠃      ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠣᠨᠢᠨ ᠮᠡᠳᠡᠭᠡᠨ ᠤ ᠮᠡᠳᠡᠭᠡᠯᠡᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠬᠢᠭᠡᠳ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡᠨ ᠤ ᠠᠵᠢᠯᠲᠠᠨ ᠤ ᠨᠡᠶᠢᠭᠡᠮᠯᠢᠭ ᠬᠠᠮᠲᠤᠷᠠᠨ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ︽ᠲᠠᠷᠢᠶᠠᠯᠠᠩ ᠮᠠᠯ ᠠᠵᠤ ᠠᠬᠤᠢ ᠶᠢᠨ ᠰᠠᠶᠢᠨ ᠮᠡᠳᠡᠭᠡ︾ ᠶᠢ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠪᠡ᠃ ᠱᠠᠩᠨᠠᠯ ᠣᠯᠤᠭᠰᠠᠨ 71 ᠪᠦᠲᠦᠭᠡᠯ ᠳᠤ ᠥᠨᠳᠥᠷ ᠲᠤ ᠵᠣᠭᠰᠣᠨ ᠠᠯᠤᠰ ᠢ ᠪᠠᠷᠠᠯᠠᠬᠰᠠᠨ ᠠᠤᠭ᠎ᠠ ᠶᠡᠭᠡ ᠬᠦᠦᠷᠨᠢᠯ ᠪᠠᠶᠢᠬᠤ ᠪᠥᠭᠡᠳ ᠦᠨᠡᠨ ᠪᠣᠳᠠᠲᠠᠢ ᠦᠯᠢᠭᠡᠷ ᠤᠨ ᠨᠠᠷᠢᠨ ᠵᠦᠢᠯᠡᠰ ᠴᠦ ᠪᠠᠶᠢᠨ᠎ᠠ᠂ ᠨᠠᠷᠢᠨ ᠬᠢᠨᠠᠮᠠᠭᠠᠢ ᠭᠦᠨ ᠭᠦᠨᠵᠡᠭᠡᠢ ᠣᠶᠤᠨᠴᠢ ᠪᠣᠳᠣᠯᠬᠢᠯᠠᠯ ᠪᠠᠶᠢᠬᠤ ᠮᠥᠷᠲᠡᠭᠡᠨ ᠪᠠᠰᠠ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠨᠠᠷᠢᠯᠢᠭ ᠢᠯᠡᠳᠬᠡᠯᠲᠡ ᠴᠤ ᠪᠠᠶᠢᠵᠤ᠂ ᠢᠲᠡᠭᠡᠯ ᠵᠣᠷᠢᠭ ᠢ ᠪᠠᠲᠤᠳᠬᠠᠬᠤ᠂ ᠬᠥᠮᠦᠰ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠦᠢᠯᠡᠳᠦᠯ ᠢ ᠬᠦᠴᠦᠲᠡᠢ ᠪᠦᠲᠦᠮᠵᠢᠲᠡᠢ ᠪᠠᠳᠠᠷᠠᠭᠤᠯᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠲᠤᠰ ᠤᠳᠠᠭᠠᠨ ᠤ ᠰᠢᠯᠭᠠᠷᠠᠭᠤᠯᠬᠤ ᠠᠵᠢᠯᠯᠠᠭ᠎ᠠ ᠪᠠᠷ ᠳᠠᠮᠵᠢᠭᠤᠯᠤᠨ ᠂ ᠰᠤᠷᠪᠤᠯᠵᠢᠯᠠᠭᠴᠢ ᠶᠢᠨ ᠲᠠᠰᠤᠷᠠᠯᠲᠠ ᠦᠭᠡᠶ ᠦᠨᠳᠦᠰᠦᠨ ᠱᠠᠲᠤᠨ ᠳᠤ ᠭᠦᠨᠵᠡᠭᠡᠶᠢᠷᠡᠨ᠂ ᠠᠮᠢᠳᠤᠷᠠᠯ ᠢ ᠨᠡᠪᠲᠡ ᠠᠵᠢᠭᠯᠠᠬᠤ ᠳᠤᠮᠳᠠ ᠭᠢᠷᠠᠬᠠᠢ ᠬᠠᠷᠠᠴᠠ ᠪᠠᠨ ᠪᠣᠯᠪᠠᠰᠤᠷᠠᠭᠤᠯᠵᠤ᠂ ᠰᠢᠷᠭᠠᠭᠤ ᠰᠤᠷᠤᠯᠴᠠᠵᠤ ᠭᠦᠨᠵᠡᠭᠡᠢ ᠰᠡᠳᠬᠢᠬᠦ ᠳᠤᠮᠳᠠ ᠬᠤᠷᠴᠠ ᠤᠶᠤᠨ ᠲᠠᠷᠢᠬᠢ ᠪᠠᠨ ᠪᠣᠯᠪᠠᠰᠤᠷᠠᠭᠤᠯᠵᠤ᠂ ᠴᠠᠭ ᠦᠶ᠎ᠡ ᠶᠢ ᠪᠢᠴᠢᠭᠯᠡᠬᠦ ᠳᠤᠮᠳᠠ ᠶᠡᠷᠦ ᠪᠤᠰᠤ ᠶᠢᠨ ᠪᠢᠷ ᠤᠨ  ᠡᠷᠳᠡᠮ ᠢᠶᠠᠨ ᠪᠣᠯᠪᠠᠰᠤᠷᠠᠭᠤᠯᠵᠤ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠴᠠᠭ ᠦᠶ᠎ᠡ ᠶᠢ ᠬᠦᠳᠦᠯᠦᠨ ᠳᠠᠭᠠᠭᠤᠯᠬᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠰᠢᠯᠢᠳᠡᠭ ᠰᠠᠶᠢᠨ ᠰᠣᠨᠢᠨ ᠮᠡᠳᠡᠭᠡᠨ ᠤ ᠠᠵᠢᠯᠳᠠᠨ ᠪᠣᠯᠬᠤ ᠪᠠᠷ ᠴᠢᠷᠮᠠᠶᠢᠵᠤ᠂ ᠮᠠᠯ ᠠᠵᠤ ᠠᠬᠤᠢ ᠲᠠᠷᠢᠶᠠᠯᠠᠩ ᠤᠨ ᠬᠦᠷᠢᠶᠡᠨ ᠳᠤ ᠰᠢᠯᠢᠳᠡᠭ ᠪᠦᠲᠦᠭᠡᠯ᠂ ᠬᠦᠴᠦᠲᠡᠢ ᠪᠦᠲᠦᠭᠡᠯ ᠢᠯᠡᠭᠦᠬᠡᠨ ᠭᠠᠷᠭᠠᠵᠤ᠂ ᠰᠢᠨ᠎ᠡ ᠴᠠᠭ ᠦᠶ᠎ᠡ ᠶᠢᠨ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ︾ ᠤ ᠤᠬᠠᠭᠤᠯᠭ᠎ᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠴᠢᠨᠠᠭᠰᠢᠳᠠ ᠠᠬᠢᠭᠤᠯᠬᠤ ᠶᠢ  ᠨᠢ ᠵᠣᠷᠢᠭᠵᠢᠭᠤᠯᠪᠠ᠃ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ