ᠪᠣᠣ ᠭᠠᠩ ᠫᠦ᠋ ᠹᠠ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠶᠢᠨ ᠳᠠᠷᠤᠭ᠎ᠠ ᠫᠠᠨ ᠶᠣᠣ ᠳ᠋ᠦᠩ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/1/18
      ︵ᠰᠤᠷᠪᠤᠯᠵᠢᠯᠠᠭᠴᠢ ᠶᠦᠨ ᠵᠢᠩ︶ 1 ᠳ᠋ᠤᠭᠡᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠫᠦ᠋ ᠹᠠ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠶᠢᠨ ᠳᠠᠷᠤᠭ᠎ᠠ ᠫᠠᠨ ᠶᠣᠣ ᠳ᠋ᠦᠩ ᠨᠡᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠲᠠᠯ᠎ᠠ ᠳᠤ ᠰᠢᠨ᠎ᠡ ᠶᠢ ᠡᠭᠦᠳᠴᠦ ᠣᠷᠣᠨ ᠤ ᠲᠥᠪ ᠬᠤᠳᠠ ᠶᠢᠨ ᠪᠣᠳᠠᠲᠤ ᠴᠣᠭᠴᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠵᠡᠷᠭᠡ ᠠᠭᠤᠯᠭ᠎ᠠ ᠶᠢᠨ ᠲᠣᠭᠤᠷᠢᠨ ᠳᠤ ᠦᠵᠡᠯ ᠰᠠᠨᠠᠯ ᠢᠶᠠᠨ ᠭᠦᠨᠵᠡᠭᠡᠢ ᠰᠣᠯᠢᠯᠴᠠᠪᠠ᠃      ᠪᠣᠣ ᠭᠠᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠫᠠᠨ ᠶᠣᠣ ᠳ᠋ᠦᠩ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ ᠂ ᠫᠦ᠋ ᠹᠠ ᠪᠠᠩᠬᠢ ᠶᠢᠨ ᠤᠯᠠᠨ ᠵᠢᠯ ᠤᠨ  ᠲᠤᠷᠰᠢᠬᠢ ᠣᠷᠣᠨ ᠤ ᠲᠥᠪ  ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ ᠣᠳᠣᠬᠠᠨ ᠳᠤ᠂ ᠬᠥᠬᠡᠬᠤᠲᠠ ᠶᠠᠭ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠬᠤ︾ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠱᠠᠲᠤ ᠦᠶ᠎ᠡ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ︽ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ︾ ᠢ ᠭᠤᠤᠯᠳᠠᠯᠭ᠎ᠠ ᠲᠠᠢ ᠪᠤᠶᠢᠵᠢᠭᠤᠯᠤᠨ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠵᠦ ᠪᠠᠶᠢᠨ᠎ᠠ᠃ ᠣᠷᠣᠨ ᠤ ᠲᠥᠪ ᠬᠤᠲᠠ ᠨᠢ ᠹᠦ᠋ ᠹᠠ ᠪᠠᠩᠬᠢ ᠲᠠᠢ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ ᠲᠠᠢ᠂ ᠫᠦ᠋ ᠹᠠ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠥᠩᠭᠡᠷᠡᠭᠰᠡᠨ ᠲᠠᠢ ᠪᠠᠨ ᠠᠳᠠᠯᠢ ᠪᠠᠷ ᠣᠷᠣᠨ ᠤ ᠲᠥᠪ ᠬᠤᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠣᠷᠣᠨ ᠤ ᠲᠥᠪ ᠬᠤᠲᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠤᠯᠠᠮ ᠨᠢᠭᠡ ᠠᠯᠬᠤᠮ ᠠᠭᠤᠰᠤᠯᠴᠠᠵᠤ᠂ ᠮᠥᠩᠭᠦᠨ ᠬᠦᠢᠯᠭᠡᠭᠡᠨ ᠤ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠤᠨ᠂ ᠦᠢᠯᠡᠴᠢᠯᠡᠭᠡᠨ ᠤ ᠵᠠᠭᠪᠤᠷ ᠪᠠ ᠡᠵᠡᠩᠨᠡᠯᠲᠡ ᠶᠢᠨ ᠵᠠᠭᠪᠤᠷ ᠲᠠᠭᠠᠨ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠣᠷᠣᠨ ᠤ ᠲᠥᠪ ᠬᠤᠲᠠ ᠶᠢᠨ ᠠᠵᠤ ᠦᠢᠯᠡᠰ ᠤᠨ ᠳᠠᠪᠠᠭᠤᠯᠢᠭ ᠲᠤ ᠠᠩᠬᠠᠷᠤᠯ ᠢᠶᠠᠨ ᠲᠥᠪᠯᠡᠷᠡᠭᠦᠯᠦᠨ᠂ ᠪᠣᠳᠠᠲᠤ ᠴᠣᠭᠴᠠ ᠶᠢᠨ ᠠᠵᠤ ᠠᠬᠤᠶ᠂ ᠬᠤᠲᠠ ᠶᠢᠨ ᠪᠥᠲᠥᠭᠡᠨ ᠪᠠᠶᠢᠭᠤᠯᠤᠯᠲᠠ᠂ ᠰᠤᠷᠭᠠᠨ ᠬᠥᠮᠦᠵᠢᠯ ᠡᠮᠴᠢᠯᠡᠭᠡ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠣᠷᠣᠨ ᠤ ᠲᠥᠪ ᠬᠤᠲᠠ ᠯᠤᠭ᠎ᠠ ᠶᠢᠨ ᠭᠦᠨᠵᠡᠭᠡᠶ ᠠᠭᠤᠰᠤᠯᠴᠠᠯ ᠢ ᠴᠢᠩᠭᠠᠳᠬᠠᠵᠤ᠂ ᠬᠠᠷᠢᠯᠴᠠᠨ  ᠠᠰᠢᠭᠲᠠᠢ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠬᠥᠬᠡᠬᠤᠲᠠ ᠶᠢᠨ ᠬᠢᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠪᠣᠯᠤᠨ ᠮᠥᠩᠭᠦᠨ ᠭᠦᠢᠯᠭᠡᠭᠡᠨ ᠤ ᠠᠮᠢ ᠠᠬᠤᠢ ᠶᠢᠨ ᠣᠷᠴᠢᠨ  ᠨᠦᠬᠦᠴᠡᠯ ᠢ ᠴᠢᠨᠠᠭᠰᠢᠳᠠ ᠰᠢᠯᠢᠳᠡᠭᠵᠢᠭᠦᠯᠵᠦ ᠂ ᠵᠠᠰᠠᠭ ᠤᠨ ᠣᠷᠳᠣᠨ ᠪᠠᠩᠬᠢ ᠶᠢᠨ ᠪᠠᠶᠢᠩᠭᠤ ᠶᠢᠨ  ᠵᠣᠯᠭᠠᠯᠴᠠᠭ᠎ᠠ ᠰᠣᠯᠢᠯᠴᠠᠭ᠎ᠠ ᠶᠢ ᠥᠷᠨᠢᠭᠦᠯᠵᠦ᠂ ᠨᠡᠩ ᠠᠭᠤᠵᠢᠭᠤ ᠲᠠᠯᠪᠢᠭᠤ ᠬᠥᠭᠵᠢᠯᠲᠡ ᠶᠢᠨ ᠣᠷᠴᠢᠨ ᠨᠦᠬᠦᠴᠡᠯ ᠢ ᠴᠢᠷᠮᠠᠶᠢᠨ ᠡᠭᠦᠳᠴᠦ᠂ ᠣᠷᠣᠨ ᠤ ᠲᠥᠪ ᠬᠤᠲᠠ ᠲᠠᠢ ᠬᠠᠮᠳᠤᠷᠠᠯᠴᠠᠵᠤ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠨᠡᠩ ᠰᠢᠯᠢᠳᠡᠭ ᠦᠢᠯᠡᠴᠢᠯᠡᠭᠡ ᠬᠠᠩᠭᠠᠨ᠎ᠠ ᠭᠡᠵᠡᠢ᠃      ᠫᠠᠨ ᠶᠣᠣ ᠳ᠋ᠦᠩ ᠢᠯᠡᠷᠬᠡᠶᠢᠯᠡᠬᠦ ᠳᠡᠭᠡᠨ᠂ ᠬᠥᠬᠡᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠰᠠᠶᠢᠨ ᠰᠠᠶᠢᠬᠠᠨ ᠠᠵᠤ ᠦᠢᠯᠡᠰ ᠤᠨ ᠰᠠᠭᠤᠷᠢ ᠪᠠ ᠬᠤᠳᠠᠯᠳᠤᠭ᠎ᠠ ᠡᠷᠬᠢᠯᠡᠬᠦ ᠣᠷᠴᠢᠨ  ᠨᠦᠬᠦᠴᠡᠯ ᠲᠠᠢ᠂ ᠬᠥᠭᠵᠢᠯᠲᠡ ᠶᠢᠨ ᠳᠠᠯᠳᠠ ᠬᠦᠴᠦᠨ ᠶᠡᠭᠡ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠥᠷᠭᠡᠨ ᠠᠭᠤᠳᠠᠮ ᠣᠷᠣᠨ ᠵᠠᠢ ᠬᠠᠩᠭᠠᠵᠠᠢ᠃ ᠫᠦ᠋ ᠹᠠ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠬᠥᠬᠡᠬᠤᠲᠠ ᠶᠢᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ ᠬᠥᠬᠡᠬᠤᠲᠠ ᠶᠢᠨ ᠭᠤᠣᠯ ᠠᠵᠢᠯ ᠤᠨ ᠲᠣᠭᠤᠷᠢᠨ ᠳᠤ ᠭᠤᠤᠯᠳᠠᠯᠭ᠎ᠠ ᠲᠠᠢ ᠠᠵᠢᠯ ᠲᠥᠷᠥᠯ ᠭᠤᠤᠯᠳᠠᠯᠭ᠎ᠠ ᠲᠠᠢ ᠬᠦᠷᠢᠶᠡᠨ ᠤ ᠬᠥᠭᠵᠢᠯᠲᠡ ᠶᠢᠨ ᠲᠠᠯ᠎ᠠ ᠪᠠᠷ᠂ ᠬᠠᠮᠲᠤᠷᠠᠯᠴᠠᠭᠠᠨ ᠤ ᠲᠥᠷᠥᠯ ᠵᠦᠢᠯ ᠢ ᠭᠦᠨᠵᠡᠭᠡᠶ  ᠲᠥᠯᠥᠪᠵᠢᠭᠦᠯᠵᠦ᠂ ᠬᠠᠮᠲᠤᠷᠠᠯᠴᠠᠭᠠᠨ ᠤ ᠣᠷᠣᠨ ᠵᠠᠶ ᠶᠢ ᠥᠷᠭᠡᠳᠬᠡᠨ᠂ ᠮᠥᠩᠭᠦᠨ ᠬᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠥᠬᠡᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠪᠠᠷ ᠬᠦᠴᠦᠨ ᠴᠢᠳᠠᠯ ᠢᠶᠠᠨ ᠡᠷᠭᠦᠨ᠎ᠡ ᠭᠡᠵᠡᠢ᠃      ᠬᠤᠳᠠ ᠶᠢᠨ ᠳᠡᠳ᠋ ᠳᠠᠷᠤᠭ᠎ᠠ ᠰᠢᠤᠢ ᠱᠸᠤ ᠵᠢᠢ ᠵᠢᠴᠢ ᠬᠤᠳᠠ ᠶᠢᠨ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ