ᠬᠥᠬᠡᠬᠤᠲᠠ ᠶᠢᠨ ᠨᠢᠰᠬᠡᠯ ᠤᠨ ᠪᠠᠭᠤᠳᠠᠯ ᠬᠥᠬᠡᠬᠤᠲᠠ ᠠᠴᠠ ᠺᠠᠶᠢᠺᠸᠦ  ᠳᠤ ᠰᠢᠭᠤᠳ ᠬᠦᠷᠬᠦ ᠥᠷᠭᠡᠨ ᠪᠡᠶᠡᠲᠦ ᠨᠢᠰᠬᠡᠯ ᠤᠨ ᠠᠶᠠᠯᠠᠯ ᠤᠨ ᠱᠤᠭᠤᠮ ᠢ ᠨᠡᠭᠡᠭᠡᠪᠡ
ᠨᠡᠶᠢᠲᠡᠯᠡᠭᠰᠡᠨ ᠴᠠᠭ᠄
2022/1/18
      ︵ᠰᠤᠷᠪᠤᠯᠵᠢᠯᠠᠭᠴᠢ ᠶᠦᠨ ᠶᠠᠨ ᠹᠠᠩ︶ 2020 ᠣᠨ ᠤ 1 ᠳ᠋ᠤᠭᠡᠷ ᠰᠠᠷ᠎ᠠ ᠳᠤ᠂ ᠬᠥᠬᠡᠬᠤᠲᠠ ᠶᠢᠨ ᠨᠢᠰᠬᠡᠯ ᠤᠨ ᠪᠠᠭᠤᠳᠠᠯ ᠲᠢᠶᠠᠨᠵᠢᠨ ᠤ ᠠᠭᠠᠷ ᠤᠨ ᠠᠶᠠᠯᠠᠯ ᠤᠨ ᠠᠶᠠᠨᠴᠢᠨ ᠤ A330 ᠥᠷᠭᠡᠨ ᠪᠡᠶᠡᠲᠦ ᠠᠶᠠᠨᠴᠢᠨ ᠤ ᠨᠢᠰᠬᠡᠯ ᠢ ᠣᠷᠣᠭᠤᠯᠤᠨ ᠬᠥᠬᠡᠬᠤᠲᠠ — ᠬᠠᠶᠢᠺᠸᠤ ᠶᠢᠨ ᠰᠢᠭᠤᠳ ᠨᠢᠰᠬᠦ ᠠᠶᠠᠯᠠᠯ ᠤᠨ ᠱᠤᠭᠤᠮ ᠢ ᠬᠡᠷᠡᠭᠵᠢᠭᠦᠯᠪᠡ᠂ ᠡᠨᠡ ᠨᠢ ᠮᠥᠨᠴᠦ ᠲᠢᠶᠠᠨᠵᠢᠨ ᠤ ᠠᠭᠠᠷ ᠤᠨ ᠠᠶᠠᠯᠠᠯ ᠤᠨ A330 ᠥᠷᠭᠡᠨ ᠪᠡᠶᠡᠲᠦ ᠨᠢᠰᠬᠡᠯ ᠠᠩᠬ᠎ᠠ ᠤᠳᠠᠭ᠎ᠠ ᠬᠥᠬᠡᠬᠤᠲᠠ ᠶᠢᠨ ᠨᠢᠰᠬᠡᠯ ᠤᠨ ᠪᠠᠭᠤᠳᠠᠯ ᠳᠤ ᠤᠯᠤᠰ ᠤᠨ ᠳᠣᠲᠣᠭᠠᠳᠤ ᠶᠢᠨ ᠲᠣᠭᠲᠠᠮᠠᠯ ᠬᠤᠭᠤᠴᠠᠭᠠᠲᠤ ᠠᠶᠠᠨᠴᠢᠨ ᠤ ᠠᠶᠠᠯᠠᠯ ᠤᠨ ᠡᠭᠡᠯᠵᠢ ᠶᠢ ᠭᠦᠢᠴᠡᠳᠬᠡᠵᠦ ᠪᠠᠶᠢᠭ᠎ᠠ ᠶᠠᠪᠤᠳᠠᠯ ᠪᠣᠯᠤᠨ᠎ᠠ᠃ ᠲᠣᠰ ᠨᠢᠰᠬᠡᠯ ᠨᠢ ᠪᠠᠷᠤᠭ 260 ᠰᠠᠭᠤᠳᠠᠯ ᠲᠠᠢ᠂ ᠬᠤᠶᠠᠷ ᠵᠠᠮ ᠲᠠᠢ ᠥᠷᠭᠡᠨ ᠵᠣᠴᠢᠳ ᠤᠨ ᠥᠷᠥᠭᠡ ᠨᠢ ᠬᠤᠪᠢ ᠬᠥᠮᠦᠨ ᠳᠤ ᠨᠡᠩ ᠶᠡᠭᠡ ᠣᠷᠣᠨ ᠵᠠᠶ᠂ ᠨᠠᠩ ᠠᠭᠤᠵᠢᠮ ᠰᠠᠭᠤᠳᠠᠯ ᠪᠠ ᠵᠣᠴᠢᠳ ᠤᠨ ᠥᠷᠥᠭᠡᠨ ᠤ ᠵᠤᠭ᠎ᠠ ᠴᠡᠩᠭᠡᠯ ᠤᠨ ᠰᠢᠰᠲ᠋ᠧᠮ ᠲᠠᠢ ᠪᠠᠶᠢᠵᠤ᠂ ᠠᠳᠠᠯᠢ ᠪᠤᠰᠤ ᠠᠶᠠᠨᠴᠢᠳ ᠤᠨ ᠣᠯᠠᠨ ᠶᠠᠩᠵᠤ ᠶᠢᠨ ᠬᠡᠷᠡᠭᠴᠡᠭᠡ ᠶᠢ ᠬᠠᠩᠭᠠᠵᠤ᠂ ᠠᠶᠠᠨᠴᠢᠳ ᠢ ᠨᠢᠰᠬᠡᠯ ᠳᠤ ᠰᠠᠭᠤᠬᠤ ᠳᠤ ᠨᠠᠩ ᠲᠠᠭᠠᠯᠠᠮᠵᠢᠲᠠᠶ ᠴᠢᠯᠥᠭᠡᠲᠡᠶ ᠪᠣᠯᠭᠠᠳᠠᠭ᠃     ᠡᠭᠡᠯᠵᠢ ᠶᠢᠨ ᠴᠠᠭ ᠤᠨ ᠲᠣᠬᠢᠷᠠᠭᠤᠯᠤᠯᠲᠠ ᠶᠢᠨ ᠲᠠᠯ᠎ᠠ ᠪᠠᠷ᠂ ᠲᠣᠰ ᠡᠭᠡᠯᠵᠢ ᠶᠢᠨ ᠨᠢᠰᠬᠡᠯ ᠤᠨ ᠡᠭᠡᠯᠵᠢ ᠶᠢᠨ ᠬᠤᠭᠤᠴᠠᠭ᠎ᠠ ᠨᠢ ᠭᠠᠷᠠᠭ ᠪᠦᠷᠢ ᠶᠢᠨ ᠬᠤᠶᠠᠷ᠂ ᠳᠥᠷᠪᠡ᠂ ᠵᠢᠷᠭᠤᠭ᠎ᠠ᠂ ᠭᠠᠷᠠᠮ ᠳᠤ ᠣᠷᠣᠬᠤ ᠡᠭᠡᠯᠵᠢ ᠶᠢᠨ ᠨᠣᠮᠧᠷ ᠨᠢ GS7460᠂ ᠲᠥᠯᠥᠪᠯᠡᠭᠡ ᠪᠠᠷ 12 ᠴᠠᠭ 20 ᠮᠢᠨᠦ᠋ᠲ ᠲᠤ ᠬᠠᠶᠢᠺᠸᠦ ᠠᠴᠠ ᠨᠢᠰᠴᠦ᠂ 15 ᠴᠠᠭ 55 ᠮᠢᠨᠦ᠋ᠲ ᠲᠤ ᠬᠥᠬᠡᠬᠤᠲᠠ ᠳᠤ ᠭᠦᠷᠦᠨ᠎ᠡ︔ ᠭᠠᠷᠠᠮ ᠠᠴᠠ ᠭᠠᠷᠬᠤ ᠡᠭᠡᠯᠵᠢ ᠶᠢᠨ ᠨᠣᠮᠧᠷ ᠨᠢ GS7459᠂ ᠲᠥᠯᠥᠪᠯᠡᠭᠡ ᠪᠠᠷ 17 ᠴᠠᠭ 15 ᠮᠢᠨᠦ᠋ᠲ ᠲᠤ ᠬᠥᠬᠡᠬᠤᠲᠠ ᠠᠴᠠ ᠨᠢᠰᠴᠦ᠂ 21:15 ᠳᠤ ᠬᠠᠶᠢᠺᠸᠤ ᠳᠤ ᠬᠦᠷᠦᠨ᠎ᠡ᠃ ᠡᠭᠦᠨ ᠠᠴᠠ ᠡᠮᠦᠨ᠎ᠡ᠂ ᠬᠥᠬᠡᠬᠤᠲᠠ ᠶᠢᠨ ᠨᠢᠰᠬᠡᠯ ᠤᠨ ᠪᠠᠭᠤᠳᠠᠯ ᠨᠢ ᠨᠢᠭᠡᠨᠲᠡ ᠲᠦᠩ ᠴᠧᠩ ᠰᠦᠯᠵᠢᠶ᠎ᠡ᠂  ᠮᠸᠢ ᠲᠤᠸᠠᠨ ᠰᠦᠯᠵᠢᠶ᠎ᠡ ᠲᠠᠢ ᠬᠤᠯᠪᠣᠭᠠᠯᠠᠨ ᠲᠣᠰ ᠠᠶᠠᠯᠠᠯ ᠤᠨ ᠱᠤᠭᠤᠮ ᠢ ᠤᠬᠠᠭᠤᠯᠤᠨ ᠳᠡᠯᠭᠡᠷᠡᠭᠦᠯᠬᠦ ᠬᠦᠳᠡᠯᠭᠡᠭᠡᠨ ᠥᠷᠨᠢᠭᠦᠯᠪᠡ᠂ ᠠᠶᠠᠨᠴᠢᠳ ᠳᠡᠭᠡᠷᠡᠬᠢ ᠠᠷᠭ᠎ᠠ ᠵᠠᠮ ᠢᠶᠠᠷ ᠬᠦᠳᠡᠯᠭᠡᠭᠡᠨ ᠤ ᠲᠤᠰᠬᠠᠶ ᠨᠢᠭᠤᠷ ᠲᠤ ᠣᠷᠣᠵᠤ ᠬᠠᠷᠠᠭᠠᠯᠵᠠᠯ ᠭᠥᠷᠳᠡᠵᠦ᠂ ᠬᠢᠮᠳᠠ ᠨᠢᠰᠬᠡᠯ ᠤᠨ ᠪᠢᠯᠧᠲ ᠬᠤᠳᠠᠯᠳᠤᠨ ᠠᠪᠴᠤ ᠪᠣᠯᠤᠨ᠎ᠠ᠃      ᠲᠢᠶᠠᠨᠵᠢᠨ ᠤ ᠠᠭᠠᠷ ᠤᠨ ᠠᠶᠠᠯᠠᠯ ᠤᠨ ᠥᠷᠭᠡᠨ ᠪᠡᠶᠡᠲᠦ ᠨᠢᠰᠬᠡᠯ ᠢ ᠠᠰᠢᠭᠯᠠᠯᠲᠠ ᠳᠤ ᠣᠷᠣᠭᠤᠯᠬᠤ ᠨᠢ ᠣᠷᠣᠨ ᠤ ᠳᠣᠲᠣᠨ᠎ᠠ ᠭᠠᠳᠠᠨᠠᠬᠢ ᠠᠶᠠᠨᠴᠢᠳ ᠤᠨ ᠨᠢᠰᠬᠡᠯ ᠳᠤ ᠰᠠᠭᠤᠬᠤ  ᠳᠤ ᠨᠡᠩ ᠲᠦᠭᠦᠮ ᠲᠠᠭᠠᠯᠠᠮᠵᠢᠳᠠᠢ ᠪᠣᠯᠭᠠᠵᠤ᠂ ᠠᠳᠠᠯᠢ ᠪᠤᠰᠤ ᠠᠶᠠᠨᠴᠢᠳ ᠤᠨ ᠶᠠᠪᠤᠵᠤ ᠰᠠᠭᠤᠬᠤ ᠴᠠᠭ ᠤᠨ ᠰᠣᠩᠭᠤᠯᠲᠠ ᠶᠢ ᠪᠠᠶᠠᠯᠢᠭᠵᠢᠭᠤᠯᠬᠤ ᠪᠣᠯᠤᠨ᠎ᠠ︔ ᠡᠭᠦᠨ ᠤ ᠬᠠᠮᠲᠤ ᠪᠠᠰᠠ ᠬᠥᠬᠡᠬᠤᠲᠠ ᠵᠢᠴᠢ ᠥᠪᠡᠷᠲᠡᠭᠡᠨ ᠵᠠᠰᠠᠬᠤ ᠣᠷᠣᠨ ᠬᠢᠭᠡᠳ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠤᠨ ᠰᠠᠶᠢᠵᠢᠷᠠᠯᠲᠠ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠬᠦ ᠪᠣᠯᠤᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ