ᠰᠢᠨ᠎ᠡ ᠬᠤᠲᠠ ᠲᠣᠭᠤᠷᠢᠭ ᠤᠨ ᠠᠩᠬᠠᠳᠠᠭᠴᠢ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠥᠷᠲᠡᠭᠡ ᠫᠠᠶᠢᠰᠠ ᠪᠠᠨ ᠰᠡᠬᠦᠪᠡ
ᠨᠡᠶᠢᠲᠡᠯᠡᠭᠰᠡᠨ ᠴᠠᠭ᠄
2022/1/19
      ᠬᠥᠬᠡᠬᠤᠲᠠ ᠶᠢᠨ ᠣᠷᠣᠶ ᠶᠢᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠠ ᠶᠠᠨ ᠴᠢᠮᠡᠭᠡᠯᠡᠭᠴᠢ ᠯᠢᠶᠠᠩ ᠯᠢᠶᠠᠩ︶ ᠦᠨᠳᠦᠰᠦᠨ ᠱᠠᠲᠤᠨ ᠤ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠤᠨ  ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠨᠠᠰᠤᠨ ᠳᠤ ᠥᠯᠥ ᠭᠦᠷᠦᠭᠰᠡᠳ ᠤᠨ ᠢᠳᠡᠷᠡᠭᠦᠨ ᠢᠶᠠᠷ ᠦᠰᠦᠨ ᠪᠤᠶᠢᠵᠢᠬᠤ ᠶᠢ  ᠬᠠᠶᠢᠷᠠᠯᠠᠨ ᠬᠠᠯᠠᠮᠵᠢᠯᠠᠬᠤ ᠶᠢᠨ ᠲᠤᠰᠠᠳᠠ᠂ ᠰᠢᠨ᠎ᠡ ᠬᠤᠲᠠ ᠲᠣᠭᠤᠷᠢᠭ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠥᠷᠲᠡᠭᠡ ᠶᠢᠨ ᠫᠠᠶᠢᠰᠠ ᠰᠡᠬᠦᠬᠦ ᠶᠣᠰᠣᠯᠠᠯ ᠵᠢᠴᠢ ᠬᠥᠬᠡᠬᠤᠲᠠ ᠶᠢᠨ ᠨᠠᠰᠤᠨ ᠳᠤ ᠥᠯᠥ ᠭᠦᠷᠦᠭᠰᠡᠳ ᠤᠨ ᠨᠡᠶᠢᠭᠡᠮ ᠲᠣᠭᠤᠷᠢᠭ ᠤᠨ ᠬᠠᠮᠠᠭᠠᠯᠠᠯᠲᠠ ᠶᠢᠨ ᠦᠢᠯᠡᠴᠢᠯᠡᠭᠡᠨ ᠤ ᠲᠥᠰᠥᠯ ᠤᠨ ᠡᠬᠢᠯᠡᠯᠲᠡ ᠶᠢᠨ ᠶᠣᠰᠣᠯᠠᠯ 12 ᠤᠨ ᠡᠳᠦᠷ ᠬᠠᠶᠢᠯᠠᠷ ᠵᠠᠮ ᠤᠨ ᠵᠡᠭᠡᠯᠢ ᠭᠤᠳᠤᠮᠵᠢ ᠶᠢᠨ ᠴᠠᠩ ᠬᠠᠢ ᠨᠡᠶᠢᠭᠡᠮ ᠲᠣᠭᠤᠷᠢᠭ ᠲᠤ ᠶᠠᠪᠤᠭᠳᠠᠪᠠ᠃      ᠰᠢᠨ᠎ᠡ ᠬᠤᠲᠠ ᠲᠣᠭᠤᠷᠢᠭ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠥᠷᠲᠡᠭᠡ ᠨᠢ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ︽  ᠬᠦᠢᠰᠦ︾ ᠶᠢᠨ ᠦᠢᠯᠡᠳᠦᠯ ᠢ ᠳᠠᠭᠠᠭᠠᠨ ᠠᠪᠴᠤ᠂ ᠡᠯ᠎ᠡ ᠲᠥᠷᠥᠯ ᠤᠨ ᠡᠬᠢ ᠪᠠᠶᠠᠯᠢᠭ ᠢ ᠢᠳᠡᠪᠬᠢᠲᠡᠶ ᠪᠠᠷ ᠡᠮᠬᠢᠯᠡᠨ ᠨᠡᠶᠢᠳᠬᠡᠵᠦ ᠂ ᠬᠠᠷᠢᠶ᠎ᠠ ᠲᠣᠭᠤᠷᠢᠭ ᠤᠨ ᠳᠣᠲᠣᠷᠠᠬᠢ ᠨᠠᠰᠤᠨ ᠳᠤ ᠥᠯᠥ ᠭᠦᠷᠦᠭᠰᠡᠳ ᠲᠤ ᠭᠡᠷ ᠲᠤ ᠨᠢ ᠣᠷᠣᠵᠤ ᠰᠤᠷᠪᠤᠯᠵᠢᠯᠠᠬᠤ᠂ ᠣᠨᠴᠠᠭᠠᠶ ᠵᠢᠱᠢᠶ᠎ᠡ ᠶᠢ ᠮᠥᠷᠳᠡᠬᠦ᠂ ᠬᠠᠯᠠᠮᠵᠢᠯᠠᠵᠤ ᠬᠠᠨᠢ ᠪᠣᠯᠬᠤ᠂ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠂ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠣᠭᠤᠳᠬᠤ ᠵᠡᠷᠭᠡ ᠲᠤᠰᠬᠠᠢ᠂ ᠣᠯᠠᠨ ᠶᠠᠩᠵᠤ ᠶᠢᠨ ᠦᠢᠯᠡᠴᠢᠯᠡᠭᠡ ᠬᠠᠩᠭᠠᠵᠤ᠂ ᠬᠡᠷ ᠪᠦᠯᠢ᠂ ᠰᠤᠷᠭᠠᠭᠤᠯᠢ᠂ ᠵᠠᠰᠠᠭ ᠤᠨ ᠣᠷᠳᠣᠨ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠣᠷᠣᠯᠴᠠᠭᠰᠠᠨ᠂ ᠬᠠᠮᠵᠢᠯᠴᠠᠨ ᠠᠬᠢᠭᠤᠯᠤᠭᠰᠠᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ᠃ ᠡᠭᠦᠨ ᠤ ᠬᠠᠮᠲᠤ ᠡᠯ᠎ᠡ ᠭᠠᠵᠠᠷ ᠣᠷᠣᠨ ᠲᠠᠢ ᠢᠳᠡᠪᠬᠢᠲᠡᠶ ᠬᠠᠮᠵᠢᠯᠴᠠᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ᠂ ᠢᠯᠠᠩᠭᠤᠶ᠎ᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠥᠷᠨᠢᠭᠦᠯᠵᠦ᠂ ᠰᠢᠨ᠎ᠡ ᠬᠤᠲᠠ ᠲᠣᠭᠤᠷᠢᠭ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠥᠷᠨᠢᠬᠦᠯᠬᠦ ᠶᠢ ᠬᠦᠴᠦᠲᠡᠶ ᠳᠥᠯᠭᠢᠨ ᠠᠬᠢᠭᠤᠯᠬᠤ ᠪᠣᠯᠣᠨ᠎ᠠ᠃
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ