ᠬᠤᠲᠠ ᠶᠢᠨ ᠡᠪᠯᠡᠯ ᠤᠨ ᠬᠤᠷᠢᠶ᠎ᠠ ᠬᠦᠴᠢᠷᠳᠡᠯ ᠳᠤ ᠲᠤᠯᠭᠠᠷᠠᠭᠰᠠᠨ ᠨᠠᠰᠤᠨ ᠳᠤ ᠥᠯᠥ ᠭᠦᠷᠦᠭᠰᠡᠳ ᠢ ᠡᠷᠭᠢᠨ ᠦᠵᠡᠵᠦ ᠲᠣᠬᠤᠨᠢᠭᠤᠯᠬᠤ ︽ᠥᠭᠡᠳᠡᠷᠬᠡᠭ  ᠪᠣᠶᠢᠵᠢᠯᠲᠠ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/1/19
      ︵ᠰᠤᠷᠪᠤᠯᠵᠢᠯᠠᠭᠴᠢ ᠯᠢᠦᠶ ᠬᠤᠶ ᠱᠧᠩ︶ ᠬᠦᠴᠢᠷᠳᠡᠯ ᠳᠤ ᠲᠤᠯᠭᠠᠷᠠᠭᠰᠠᠨ ᠨᠠᠰᠤᠨ ᠳᠤ ᠥᠯᠥ ᠭᠦᠷᠦᠭᠰᠡᠳ ᠢ ᠬᠠᠶᠢᠷᠠᠯᠠᠨ ᠬᠠᠯᠠᠮᠵᠢᠯᠠᠬᠤ᠂ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠬᠡᠤᠬᠡᠳ ᠤᠳ ᠢ ᠨᠢᠭᠡᠨ ᠬᠠᠯᠠᠭᠤᠨ ᠳᠤᠯᠠᠭᠠᠨ᠂ ᠪᠠᠶᠠᠷ ᠬᠥᠷ ᠲᠠᠢ᠂ ᠥᠯᠵᠡᠶ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢᠨ ᠲᠥᠯᠥᠭᠡ᠂ 1 ᠳ᠋ᠦ᠋ᠭᠡᠷ ᠰᠠᠷ᠎ᠠ ᠶᠢᠨ 17 ᠤ ᠡᠳᠦᠷ᠂ ᠬᠤᠲᠠ ᠶᠢᠨ ᠡᠪᠯᠡᠯ ᠤᠨ ᠬᠤᠷᠢᠶ᠎ᠠ ᠬᠦᠴᠢᠷᠳᠡᠯ ᠳᠤ ᠲᠤᠯᠭᠠᠷᠠᠭᠰᠠᠨ ᠨᠠᠰᠤᠨ ᠳᠤ ᠥᠯᠥ ᠭᠦᠷᠦᠭᠰᠡᠳ ᠢ ᠡᠷᠭᠢᠨ ᠦᠵᠡᠵᠦ ᠲᠣᠬᠤᠨᠢᠭᠤᠯᠬᠤ ︽ᠥᠭᠡᠳᠡᠷᠬᠡᠭ  ᠪᠣᠶᠢᠵᠢᠯᠲᠠ︾ ᠠᠵᠢᠯᠯᠠᠭ᠎ᠠ ᠥᠷᠨᠢᠭᠦᠯᠪᠡ᠃      ᠲᠣᠰ ᠤᠳᠠᠭᠠᠨ ᠤ ᠡᠷᠭᠢᠨ ᠦᠵᠡᠭᠰᠡᠨ ᠤ ᠳᠣᠲᠣᠷ᠎ᠠ ᠠᠪᠤ ᠡᠵᠢ ᠨᠢ ᠣᠷᠤᠭ ᠰᠠᠯᠤᠭᠰᠠᠨ᠂ ᠠᠮᠢᠳᠤᠷᠠᠯ ᠨᠢ ᠲᠦᠢᠯ ᠤᠨ ᠬᠦᠴᠢᠷᠲᠡᠶ ᠬᠡᠷ ᠪᠦᠯᠢ ᠪᠠᠶᠢᠬᠤ ᠪᠠᠷ ᠪᠠᠷᠠᠬᠤ ᠥᠬᠡᠶ ᠪᠠᠰᠠ ᠡᠪᠡᠳᠴᠢᠨ ᠠᠴᠠ ᠪᠣᠯᠵᠣ ᠶᠠᠳᠠᠭᠤᠷᠠᠭᠰᠠᠨ᠂ ᠠᠰᠠᠷᠠᠨ ᠲᠡᠵᠢᠭᠡᠭᠴᠢ ᠨᠢ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ᠂ ᠣᠷᠣᠯᠭ᠎ᠠ ᠪᠠᠭᠠᠲᠠᠶ ᠬᠡᠷ ᠪᠦᠯᠢ ᠴᠦ ᠪᠣᠶ᠃ ᠲᠣᠬᠤᠨᠢᠭᠤᠯᠬᠤ ᠶᠠᠪᠤᠴᠠ ᠳᠤ᠂ ᠬᠤᠳᠠ ᠶᠢᠨ ᠡᠪᠯᠡᠯ ᠤᠨ ᠬᠤᠷᠢᠶ᠎ᠠ ᠠᠴᠠ ᠲᠡᠳᠡᠨ ᠳᠤ ᠰᠤᠷᠤᠯᠴᠠᠯᠭ᠎ᠠ ᠶᠢᠨ ᠶᠡᠭᠡ ᠪᠡᠯᠡᠭ᠂ ᠲᠣᠬᠤᠨᠢᠭᠤᠯᠬᠤ ᠮᠥᠩᠭᠦ ᠪᠣᠯᠤᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃ ᠬᠡᠦᠬᠡᠳ ᠤᠳ ᠴᠦ ᠴᠥᠮ ᠶᠡᠬᠡᠳᠡ ᠵᠣᠷᠢᠭᠵᠢᠵᠤ᠂ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠷ ᠨᠡᠶᠢᠭᠡᠮ ᠳᠤ ᠬᠡᠷᠡᠭᠴᠡᠭᠡ ᠲᠠᠢ ᠬᠥᠮᠦᠨ ᠪᠣᠯᠬᠤ ᠪᠠᠷ ᠴᠢᠷᠮᠠᠶᠢᠨ᠎ᠠ ᠭᠡᠵᠦ ᠢᠯᠡᠳᠬᠡᠵᠡᠭᠡᠪᠡ᠃      ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠬᠦᠴᠢᠷᠳᠡᠯ ᠳᠤ ᠲᠤᠯᠭᠠᠷᠠᠭᠰᠠᠨ ᠨᠠᠰᠤᠨ ᠳᠤ ᠥᠯᠥ ᠭᠦᠷᠦᠭᠰᠡᠳ ᠲᠤ ᠡᠳ᠋ ᠪᠣᠳᠠᠰ ᠤᠨ ᠲᠠᠯ᠎ᠠ ᠪᠠᠷ ᠬᠠᠷᠠᠭᠠᠯᠵᠠᠯ ᠦᠵᠡᠭᠦᠯᠦᠭᠰᠡᠨ ᠢᠶᠠᠷ ᠪᠠᠷᠠᠬᠤ ᠥᠬᠡᠶ ᠨᠠᠩ ᠴᠤ ᠣᠶᠤᠨ ᠰᠠᠨᠠᠭᠠᠨ ᠤ ᠲᠠᠯ᠎ᠠ ᠪᠠᠷ ᠲᠠᠶᠢᠳᠬᠤᠷᠠᠭᠤᠯᠤᠯ ᠪᠠ ᠵᠣᠷᠢᠭᠵᠢᠭᠤᠯᠤᠯ ᠪᠣᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠤᠳᠠ ᠶᠢᠨ ᠡᠪᠯᠡᠯ ᠤᠨ ᠬᠤᠷᠢᠶ᠎ᠠ ᠠᠴᠠ ᠤᠬᠠᠭᠤᠯᠭ᠎ᠠ ᠪᠠᠨ ᠤᠯᠠᠮ ᠨᠢᠭᠡ ᠠᠯᠬᠤᠮ ᠥᠷᠭᠡᠳᠬᠡᠵᠦ᠂ ᠡᠬᠢ ᠪᠠᠶᠠᠯᠢᠭ ᠢ ᠠᠭᠤᠳᠠᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠬᠦᠴᠢᠷᠳᠡᠯ ᠳᠤ ᠲᠤᠯᠭᠠᠷᠠᠭᠰᠠᠨ ᠨᠠᠰᠤᠨ ᠳᠤ ᠦᠯᠦ ᠬᠦᠷᠦᠭᠰᠡᠳ ᠲᠤ ᠨᠡᠩ ᠤᠯᠠᠨ ᠬᠠᠯᠠᠮᠵᠢᠯᠠᠯ ᠪᠠ ᠬᠠᠪᠰᠤᠷᠤᠯᠭ᠎ᠠ ᠦᠵᠡᠭᠦᠯᠵᠦ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠢ ᠦᠨᠡᠨᠬᠦ ᠵᠠᠯᠠᠭᠤᠴᠤᠳ ᠪᠠᠭᠠᠴᠤᠳ ᠤᠨ ᠰᠡᠳᠬᠢᠯ ᠳᠤ ᠬᠦᠷᠭᠡᠵᠦ᠂ ᠲᠡᠳᠡᠨ ᠳᠤ ᠭᠦᠨ ᠬᠠᠶᠢᠷ᠎ᠠ ᠬᠠᠯᠠᠮᠵᠢ ᠬᠦᠷᠲᠡᠭᠡᠵᠦ᠂ ᠴᠠᠭ ᠦᠶ᠎ᠡ ᠶᠢᠨ ᠰᠢᠨ᠎ᠡ ᠬᠥᠮᠦᠨ᠂ ᠤᠯᠤᠰ ᠤᠨ ᠲᠤᠯᠭᠠᠭᠤᠷᠢ ᠪᠣᠯᠬᠤ ᠴᠢᠷᠮᠠᠶᠢᠯᠲᠠ ᠲᠠᠢ ᠪᠣᠯᠭᠠᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ