ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/1/19
ᠾᠧ ᠬᠠᠢ ᠳ᠋ᠦᠩ ᠬᠤᠷᠠᠯ ᠢ ᠡᠷᠬᠢᠯᠡᠪᠡ      1 ᠳ᠋ᠦ᠋ᠭᠡᠷ ᠰᠠᠷ᠎ᠠ ᠶᠢᠨ 18 ᠤ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠨ᠎ᠡ ᠲᠣᠭᠤᠷᠢᠭ ᠤᠨ 2022 ᠣᠨ ᠤ ᠠᠵᠤ ᠠᠬᠤᠢ ᠶᠢᠨ ᠭᠤᠣᠯ ᠭᠦᠢᠴᠡᠳᠬᠡᠯ ᠲᠤᠭ᠎ᠠ ᠶᠢᠨ ᠲᠥᠯᠥᠪᠯᠡᠭᠡ᠂ ᠭᠤᠣᠯᠳᠠᠯᠭ᠎ᠠ ᠲᠠᠢ ᠲᠦᠷᠦᠯ ᠵᠦᠢᠯ ᠤᠨ ᠲᠥᠯᠥᠪᠯᠡᠭᠡ᠂ ᠬᠤᠳᠠ ᠶᠢᠨ ᠶᠠᠪᠤᠳᠠᠯ ᠤᠨ ᠪᠠᠷᠢᠯᠭ᠎ᠠ ᠵᠢᠴᠢ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠯᠡᠭᠡ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ᠰᠢᠨ᠎ᠡ ᠲᠣᠭᠤᠷᠢᠭ ᠤᠨ 2022 ᠣᠨ ᠤ ᠲᠥᠰᠦᠪ ᠵᠡᠷᠭᠡ ᠶᠢ ᠬᠢᠨᠠᠨ ᠵᠥᠪᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠷᠢᠨᠭᠡᠷ ᠰᠢᠨ᠎ᠡ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠪᠠ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠭᠦᠷ ᠪᠠ ᠬᠤᠰᠢᠭᠤᠴᠢ ᠲᠣᠭᠤᠷᠢᠭ ᠪᠣᠯᠤᠭᠰᠠᠨ ᠤ ᠬᠤᠪᠢ ᠳᠤ᠂ ᠡᠷᠬᠡᠪᠰᠢ ᠲᠦᠷᠦᠯ ᠵᠦᠢᠯ ᠢ ᠶᠡᠬᠡᠪᠡᠷ ᠠᠳᠬᠤᠬᠤ᠂ ᠶᠡᠭᠡ ᠲᠦᠷᠦᠯ ᠵᠦᠢᠯ ᠢ ᠠᠳᠬᠤᠬᠤ᠂ ᠲᠦᠷᠦᠯ ᠵᠦᠢᠯ ᠢ ᠪᠣᠳᠠᠲᠠᠢ ᠠᠳᠬᠤᠬᠤ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠨ ᠴᠢᠩᠭ᠎ᠠ ᠠᠳᠬᠤᠵᠤ ᠰᠠᠶᠢᠲᠤᠷ ᠠᠳᠬᠤᠵᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠤᠷᠤᠭᠰᠢᠯᠠᠵᠤ᠂ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠢ᠃ ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠠᠵᠢᠯ ᠡᠬᠢᠯᠡᠭᠦᠯᠬᠦ᠂ ᠠᠰᠢᠭᠯᠠᠯᠲᠠ ᠳᠤ ᠣᠷᠣᠭᠤᠯᠬᠤ ᠶᠢ ᠴᠢᠩᠭ᠎ᠠ ᠠᠩᠬᠠᠷᠴᠤ᠂ ᠬᠤᠷᠳᠤᠯᠠᠵᠤ ᠪᠣᠯᠬᠤ ᠴᠠᠭ ᠲᠤ ᠬᠤᠶᠢᠰᠢᠯᠠᠭᠤᠯᠵᠤ ᠪᠣᠯᠬᠤ ᠦᠭᠡᠢ᠂ ︽ᠭᠠᠵᠠᠷ ᠰᠢᠷᠣᠢ ᠶᠢ ᠠᠪᠤᠮᠠᠭᠴᠠ ᠳᠠᠷᠤᠢ ᠠᠵᠢᠯ ᠡᠬᠢᠯᠡᠭᠦᠯᠬᠦ︾ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠲᠦᠷᠦᠯ ᠵᠦᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠡᠵᠡᠮᠰᠢᠵᠦ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠣᠨᠣᠪᠴᠢᠲᠠᠢ ᠲᠣᠭᠲᠠᠭᠠᠵᠤ᠂ ᠲᠦᠭᠵᠢᠷᠡᠯ ᠤᠨ ᠴᠡᠭ ᠬᠦᠴᠢᠷ ᠠᠰᠠᠭᠤᠳᠠᠯ ᠢ ᠦᠨᠡᠨᠬᠦ ᠰᠢᠪᠲᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠳᠤᠬᠢᠷᠠᠭᠤᠯᠵᠤ ᠲᠦᠷᠦᠯ ᠵᠦᠢᠯ ᠤᠨ ᠪᠡᠯᠡ ᠣᠷᠣᠭᠤᠯᠤᠯᠲᠠ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠦᠷᠦᠯ ᠵᠦᠢᠯ ᠤᠨ ᠡᠷᠲᠡ ᠠᠰᠢᠭᠯᠠᠯᠲᠠ ᠳᠤ ᠣᠷᠣᠬᠤ᠂ ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠶᠡᠭᠡ ᠶᠢ ᠨᠢ ᠠᠳᠬᠤᠵᠤ ᠪᠠᠭ᠎ᠠ ᠶᠢ ᠨᠢ ᠴᠦ ᠲᠠᠯᠪᠢᠬᠤ ᠦᠭᠡᠢ ᠪᠠᠶᠢᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠠᠯᠠᠭᠤᠨ ᠥᠷᠨᠢᠯᠲᠡ ᠶᠢ ᠪᠣᠢ ᠪᠣᠯᠭᠠᠵᠤ᠂ ᠣᠷᠣᠨ ᠤ ᠲᠥᠪ ᠬᠤᠲᠠ ᠶᠢᠨ ᠨᠢᠭᠡᠳᠦᠭᠡᠷ ᠤᠯᠠᠷᠢᠯ ᠳᠤ ︽ᠲᠤᠭᠲᠠᠭᠤᠨ ᠢᠶᠠᠷ ᠡᠬᠢᠯᠡᠬᠦ ︾ ︽ᠠᠮᠵᠢᠯᠲᠠ ᠲᠠᠢ ᠡᠬᠢᠯᠡᠬᠦ︾ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠲᠠ ᠶᠢᠨ ᠶᠠᠪᠤᠳᠠᠯ ᠤᠨ ᠪᠠᠷᠢᠯᠭ᠎ᠠ ᠵᠢᠴᠢ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯ ᠠᠵᠤ ᠠᠬᠤᠶ ᠶᠢᠨ ᠬᠥᠭᠵᠢᠯᠲᠡ ᠪᠠ ᠭᠠᠳᠠᠭᠠᠳᠤ ᠨᠡᠭᠡᠭᠡᠯᠲᠡ ᠶᠢᠨ ᠦᠨᠳᠦᠰᠦᠨ ᠨᠥᠬᠦᠴᠡᠯ ᠪᠣᠯᠤᠨ᠎ᠠ᠂ ᠠᠵᠤ ᠦᠢᠯᠡᠰ᠂ ᠬᠤᠳᠠ ᠶᠢᠨ ᠪᠦᠳᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠵᠡᠷᠭᠡ ᠭᠤᠷᠪᠠᠨ ᠶᠡᠭᠡ ᠲᠦᠷᠦᠯ ᠢ ᠴᠢᠬᠤᠯᠠᠴᠢᠯᠠᠨ ᠰᠢᠨ᠎ᠡ ᠲᠣᠭᠤᠷᠢᠭ ᠤᠨ 2022 ᠣᠨ ᠤ ᠬᠤᠳᠠ ᠶᠢᠨ ᠶᠠᠪᠤᠳᠠᠯ ᠤᠨ ᠪᠠᠷᠢᠯᠭ᠎ᠠ ᠵᠢᠴᠢ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠰᠠᠶᠢᠲᠤᠷ ᠬᠢᠵᠦ᠂ ᠬᠥᠭᠵᠢᠯᠲᠡ ᠶᠢᠨ ᠬᠡᠷᠡᠭᠴᠡᠭᠡ᠂ ᠴᠠᠭ ᠬᠤᠭᠤᠴᠠᠭ᠎ᠠ᠂ ᠤᠯᠠᠨ ᠲᠦᠮᠡᠨ ᠤ ᠬᠦᠰᠡᠯ ᠡᠷᠡᠮᠡᠯᠵᠡᠯ ᠢ ᠴᠢᠩᠭ᠎ᠠ ᠠᠩᠬᠠᠷᠴᠤ᠂ ᠰᠢᠨ᠎ᠡ ᠲᠣᠭᠤᠷᠢᠭ ᠤᠨ ᠬᠥᠭᠵᠢᠯᠲᠡ ᠲᠠᠢ ᠵᠣᠬᠢᠴᠠᠭᠰᠠᠨ ᠬᠤᠳᠠ ᠶᠢᠨ ᠶᠠᠪᠤᠳᠠᠯ ᠤᠨ ᠪᠠᠷᠢᠯᠭ᠎ᠠ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠦᠷᠦᠯ ᠵᠦᠢᠯ ᠢ ᠰᠠᠶᠢᠲᠤᠷ ᠲᠥᠯᠥᠪᠵᠢᠭᠦᠯᠦᠨ ᠪᠦᠳᠦᠬᠡᠨ ᠪᠠᠶᠢᠭᠤᠯᠵᠤ᠂ ᠵᠣᠬᠢᠬᠤ ᠬᠡᠮᠵᠢᠶ᠎ᠡ ᠪᠠᠷ ᠤᠷᠢᠳᠴᠢᠯᠠᠭᠤᠯᠵᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠳᠤᠲᠠᠭᠤ ᠪᠠᠭᠤᠷᠠᠶ ᠵᠦᠢᠯᠡᠰ ᠢ ᠨᠥᠬᠦᠪᠥᠷᠢᠯᠡᠨ᠂ ᠦᠨᠳᠦᠰᠦᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠪᠠ ᠬᠢᠷᠢ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠵᠦ᠂ ᠪᠡᠯᠡ ᠣᠷᠣᠭᠤᠯᠤᠯᠲᠠ ᠶᠢᠨ ᠰᠠᠶᠢᠨ ᠰᠠᠶᠢᠬᠠᠨ ᠣᠷᠴᠢᠨ ᠨᠥᠬᠦᠴᠡᠯ ᠪᠠ ᠠᠮᠢᠳᠤᠷᠠᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠦᠨᠡᠨᠬᠦ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠰᠢᠨ᠎ᠡ ᠲᠣᠭᠤᠷᠢᠭ ᠤᠨ ᠡᠨᠡ ᠵᠢᠯ ᠤᠨ ᠲᠥᠰᠦᠪ ᠢ ᠰᠠᠶᠢᠲᠤᠷ ᠬᠢᠬᠦ ᠬᠡᠷᠡᠭᠲᠡᠢ᠃ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠪᠡᠯᠡ ᠮᠥᠩᠭᠦ ᠶᠢ ᠦᠨᠡᠨᠬᠦ ᠵᠠᠩᠭᠢᠯᠠᠭ᠎ᠠ ᠶᠢᠨ ᠭᠠᠵᠠᠷ ᠲᠤ ᠬᠡᠷᠡᠭᠯᠡᠵᠦ᠂ ᠰᠢᠨᠵᠢᠯᠡᠬᠦ ᠤᠬᠠᠭᠠᠨᠴᠢ ᠡᠳ᠋ ᠤᠨ ᠵᠠᠰᠠᠭ ᠤᠨ ᠲᠥᠰᠦᠪ ᠢᠶᠠᠷ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠯᠢ ᠬᠠᠶ ᠵᠧᠨ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ